ᠮᠠᠨ ᠤ ᠣᠷᠣᠨ ᠭᠦᠭᠡᠬᠤᠳᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠬᠤ 22 ᠵᠦᠢᠯ ᠤᠨ ᠠᠷᠭ᠎ᠠ ᠬᠡᠮᠵᠢᠶ᠎ᠡ ᠨᠡᠶᠢᠲᠡᠯᠡᠪᠡ
ᠨᠡᠶᠢᠲᠡᠯᠡᠭᠰᠡᠨ ᠴᠠᠭ᠄
2023/12/21
     ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠣᠶᠢᠷ᠎ᠠ ᠳᠤ ︽ᠭᠦᠭᠡᠬᠤᠳᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠪᠡ᠃      ᠲᠤᠰ ᠠᠷᠭ᠎ᠠ ᠬᠡᠮᠵᠢᠶ᠎ᠡ ᠨᠦᠭᠦᠳ ᠨᠢ ᠨᠢᠭᠡ ᠴᠣᠭᠴᠠᠵᠢᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠴᠢᠩᠭᠠᠳᠬᠠᠬᠤ᠂ ᠨᠢᠭᠡ ᠴᠣᠭᠴᠠᠵᠢᠭᠰᠠᠨ ᠤᠯᠠᠨ ᠨᠡᠶᠢᠳᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ᠂ ᠨᠢᠭᠡ ᠴᠣᠭᠴᠠᠵᠢᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠰᠢᠯᠢᠳᠡᠭᠵᠢᠭᠦᠯᠬᠦ᠂ ᠨᠢᠭᠡ ᠴᠣᠭᠴᠠᠵᠢᠭᠰᠠᠨ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠰᠢᠰᠲ᠋ᠧᠮ ᠢ ᠪᠠᠬᠢᠵᠢᠭᠦᠯᠬᠦ᠂ ᠨᠢᠭᠡ ᠴᠣᠭᠴᠠᠵᠢᠭᠰᠠᠨ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠴᠣᠭᠴᠠᠯᠠᠬᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ ᠵᠡᠷᠭᠡ 6 ᠲᠠᠯ᠎ᠠ ᠶᠢᠨ 22 ᠵᠦᠢᠯ ᠤᠨ ᠠᠷᠭ᠎ᠠ ᠬᠡᠮᠵᠢᠶ᠎ᠡ ᠶᠢ ᠪᠠᠭᠲᠠᠭᠠᠪᠠ᠃ ᠪᠣᠳᠠᠲᠠᠢ ᠪᠠᠷ ᠬᠡᠯᠡᠪᠡᠯ᠂ ᠨᠢᠭᠡ ᠴᠠᠭ ᠤᠨ ᠲᠡᠮᠦᠷ ᠵᠠᠮ ᠤᠨ ᠠᠵᠤ ᠠᠬᠤᠢ ᠶᠢᠨ ᠲᠣᠭᠤᠷᠢᠭ ᠢ ᠪᠠᠶᠢᠭᠤᠯᠬᠤ᠂ ᠭᠦᠭᠡᠬᠤᠳᠠ ᠪᠤᠭᠤᠲᠤ ᠣᠷᠳᠣᠰ ᠤᠯᠠᠭᠠᠨᠴᠠᠪ ᠳᠦᠷᠪᠡᠨ ᠬᠤᠳᠠ ᠳᠤ ᠲᠦᠷᠭᠡᠨ ᠤ ᠭᠠᠯᠲᠤ ᠲᠡᠷᠭᠡ ᠶᠢ ᠨᠡᠶᠢᠳᠡ ᠶᠢᠨ ᠮᠠᠰᠢᠨᠴᠢᠯᠠᠭᠰᠠᠨ ᠪᠠᠶᠢᠩᠭᠤᠴᠢᠯᠠᠬᠰᠠᠨ ᠭᠡᠯᠪᠡᠷᠢ ᠪᠠᠷ ᠡᠵᠡᠩᠨᠡᠭᠦ︔ 2 ᠴᠠᠭ ᠤᠨ ᠵᠠᠰᠠᠮᠠᠯ ᠵᠠᠮ ᠤᠨ ᠠᠵᠤ ᠠᠬᠤᠢ ᠶᠢᠨ ᠲᠣᠭᠤᠷᠢᠭ ᠢ ᠲᠡᠭᠦᠯᠳᠡᠷᠵᠢᠭᠦᠯᠭᠦ‍︔ᠨᠢᠭᠡ ᠴᠣᠭᠴᠠᠵᠢᠭᠰᠠᠨ ᠠᠭᠠᠷ ᠤᠨ ᠠᠶᠠᠯᠠᠯ ᠤᠨ ᠬᠠᠪᠢᠳᠠᠯ ᠠᠵᠤ ᠠᠬᠤᠢ ᠶᠢᠨ ᠲᠣᠭᠤᠷᠢᠭ ᠢ ᠪᠠᠶᠢᠭᠤᠯᠬᠤ︔ ᠨᠢᠭᠡ ᠴᠣᠭᠴᠠᠵᠢᠭᠰᠠᠨ ᠣᠶᠤᠨᠴᠢ ᠬᠤᠳᠠ ᠶᠢ ᠪᠦᠲᠦᠭᠡᠨ ᠪᠠᠶᠢᠭᠤᠯᠬᠤ︔ ᠭᠦᠭᠡᠬᠤᠳᠠ ᠪᠤᠭᠤᠲᠤ ᠣᠷᠳᠣᠰ ᠤᠯᠠᠭᠠᠨᠴᠠᠪ ᠤᠨ ︽ᠵᠢᠷᠭᠠᠯᠲᠤ ᠬᠤᠩᠭᠢᠯ︾ ᠢ ᠬᠠᠮᠵᠢᠯᠴᠠᠨ ᠪᠠᠶᠢᠭᠤᠯᠵᠤ᠂ ᠬᠤᠯᠪᠣᠯᠳᠤᠨ ᠨᠡᠪᠲᠡᠷᠡᠯᠴᠡᠭᠰᠡᠨ ᠬᠠᠮᠲᠤ ᠪᠠᠷ ᠡᠳ᠋ᠯᠡᠬᠦ ᠨᠠᠰᠤᠵᠢᠯ ᠤᠨ ᠦᠢᠯᠡᠴᠢᠯᠡᠭᠡᠨ ᠤ ᠮᠡᠳᠡᠭᠡ ᠵᠠᠩᠭᠢ  ᠶᠢᠨ ᠲᠠᠪᠴᠠᠩ ᠢ ᠪᠠᠶᠢᠭᠤᠯᠬᠤ︔ ᠣᠶᠤᠨᠴᠢ ᠪᠠᠴᠢᠮ ᠠᠪᠤᠷᠠᠯᠳᠠ ᠪᠠ ᠢᠨᠲ᠋ᠧᠷ ᠰᠦᠯᠵᠢᠶ᠎ᠡ ᠶᠢᠨ ᠡᠮᠨᠡᠯᠭᠡ ᠶᠢᠨ ᠬᠤᠷᠢᠶ᠎ᠠ ᠶᠢ ᠬᠠᠮᠲᠤ ᠪᠠᠷ ᠪᠦᠲᠦᠭᠡᠨ ᠪᠠᠶᠢᠭᠤᠯᠵᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠳᠠᠩᠰᠠ ᠡᠪᠬᠡᠮᠡᠯ  ᠢᠶᠠᠷ ᠭᠤᠣᠯ ᠠᠭᠤᠯᠭ᠎ᠠ ᠪᠤᠯᠭᠠᠬᠰᠠᠨ ᠭᠦᠭᠡᠬᠤᠳᠠ ᠪᠤᠭᠤᠲᠤ ᠣᠷᠳᠣᠰ ᠤᠯᠠᠭᠠᠨᠴᠠᠪ ᠳᠦᠷᠪᠡᠨ ᠬᠤᠳᠠ ᠶᠢᠨ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠳ᠋ᠠᠶᠢᠲ᠋ᠠ ᠶᠢ ᠬᠠᠮᠲᠤ ᠪᠠᠷ ᠡᠳ᠋ᠯᠡᠬᠦ ᠰᠢᠰᠲ᠋ᠧᠮ ᠢ ᠰᠦᠪᠡᠭᠴᠢᠯᠡᠨ ᠪᠠᠶᠢᠭᠤᠯᠬᠤ︔ ᠭᠦᠭᠡᠬᠤᠳᠠ ᠪᠤᠭᠤᠲᠤ ᠣᠷᠳᠣᠰ ᠤᠯᠠᠭᠠᠨᠴᠠᠪ ᠳᠦᠷᠪᠡᠨ ᠬᠤᠳᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠮᠵᠢ ᠶᠢᠨ ᠬᠤᠯᠪᠤᠭᠠᠯᠠᠨ ᠬᠥᠳᠡᠯᠦᠯᠴᠡᠬᠦ ᠶᠢ ᠠᠭᠢᠭᠤᠯᠬᠤ︔ᠣᠷᠣᠨ ᠪᠦᠰᠡ ᠶᠢᠨ ᠴᠢᠨᠠᠷᠲᠠᠢ ᠢᠲᠡᠭᠡᠮᠵᠢᠲᠡᠢ ᠬᠡᠷᠡᠭᠯᠡᠭᠡ ᠶᠢᠨ ᠬᠤᠯᠪᠣᠭᠠᠲᠤ ᠴᠣᠭᠴᠠ ᠶᠢ ᠪᠠᠶᠢᠭᠤᠯᠬᠤ︔ ᠭᠦᠭᠡᠬᠤᠳᠠ ᠪᠤᠭᠤᠲᠤ ᠣᠷᠳᠣᠰ ᠤᠨ ᠤᠯᠤᠰ ᠤᠨ ᠪᠡᠶ᠎ᠡ  ᠪᠠᠨ ᠳᠠᠭᠠᠭᠠᠭᠰᠠᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠭᠦ ᠣᠷᠣᠨ ᠢ ᠪᠦᠲᠦᠭᠡᠨ ᠪᠠᠶᠢᠭᠤᠯᠬᠤ︔ ᠳᠠᠪᠠᠭᠤᠯᠢᠭᠲᠤ ᠬᠦᠷᠢᠶᠡᠨ ᠳᠠᠬᠢ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ  ᠢ ᠴᠤᠬᠴᠠᠯᠠᠬᠤ︔ ᠣᠷᠣᠨ ᠪᠦᠰᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠭᠦ ᠢᠨᠵᠧᠨᠧᠷᠢᠩ ᠢ ᠭᠡᠷᠡᠭᠵᠢᠭᠦᠯᠭᠦ︔ ᠬᠦᠴᠦ ᠪᠠᠨ ᠬᠠᠮᠲᠤᠳᠬᠠᠨ ᠬᠠᠳᠤᠨ ᠭᠤᠣᠯ ᠤᠨ︽ᠶᠡᠭᠡ ᠲᠣᠬᠤᠢ︾ ᠶᠢᠨ ᠠᠮᠢ ᠠᠬᠤᠢ ᠣᠷᠴᠢᠨ ᠲᠣᠭᠤᠷᠢᠨ ᠢ ᠰᠢᠰᠲ᠋ᠧᠮ ᠲᠠᠢ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠭᠢᠭᠦ︔ ᠳᠠᠯᠠᠨ ᠬᠠᠷ᠎ᠠ ᠶᠢᠨ ᠠᠮᠢ ᠠᠬᠤᠢ ᠶᠢ ᠬᠠᠮᠠᠭᠠᠯᠠᠬᠤ ᠶᠡᠷᠦᠩᠬᠡᠶᠢᠯᠡᠭᠰᠡᠨ ᠵᠠᠰᠠᠯᠲᠠ ᠶᠢ ᠬᠠᠮᠲᠤ ᠪᠠᠷ ᠭᠡᠷᠡᠭᠵᠢᠭᠦᠯᠭᠦ︔ ᠠᠵᠤ ᠦᠢᠯᠡᠰ ᠤᠨ ᠬᠡᠯᠬᠢᠶ᠎ᠡ ᠶᠢᠨ ᠬᠠᠮᠵᠢᠯᠴᠠᠭᠰᠠᠨ ᠬᠥᠭᠵᠢᠯᠲᠡ ᠶᠢ ᠬᠠᠮᠲᠤᠷᠠᠨ ᠠᠭᠢᠭᠤᠯᠬᠤ︔ ᠪᠦᠭᠦ ᠠᠵᠤ ᠦᠢᠯᠡᠰ ᠤᠨ ᠬᠡᠯᠬᠢᠶᠡᠨ ᠤ ︽ᠰᠠᠯᠬᠢᠨ ᠬᠦᠴᠦ ᠶᠢᠨ ᠴᠠᠭᠢᠯᠭᠠᠨ᠂ ᠭᠡᠷᠡᠯᠴᠢ ᠴᠡᠨᠡᠭ ᠤᠨ ᠴᠠᠭᠢᠯᠭᠠᠨ᠂ ᠤᠰᠤᠳᠦ᠋ᠷᠦᠭᠴᠢ ᠬᠠᠳᠠᠭᠠᠯᠠᠬᠤ ᠪᠠ ᠰᠢᠨ᠎ᠡ ᠡᠨᠧᠷᠭᠢ ᠶᠢᠨ ᠮᠠᠰᠢᠨ ᠲᠡᠷᠭᠡ︾ ᠶᠢᠨ ᠠᠵᠤ ᠦᠢᠯᠡᠰ ᠢ ᠴᠤᠬᠴᠠᠯᠠᠬᠤ︔ ᠪᠦᠭᠦ ᠤᠯᠤᠰ ᠤᠨ ᠨᠢᠭᠡ ᠴᠣᠭᠴᠠᠵᠢᠭᠰᠠᠨ ᠪᠣᠳᠣᠯᠭ᠎ᠠ ᠶᠢᠨ ᠴᠢᠳᠠᠪᠤᠷᠢ ᠶᠢᠨ ᠰᠦᠯᠵᠢᠶ᠎ᠡ ᠶᠢᠨ ᠥᠪᠥᠷ ᠮᠣᠩᠭᠤᠯ ᠤᠨ ᠵᠠᠩᠭᠢᠯᠠᠭ᠎ᠠ ᠶᠢᠨ ᠬᠦᠢᠰᠦ ᠪᠠ ᠬᠤᠷᠢᠨᠭᠡᠷ ᠤᠨ ᠳ᠋ᠠᠶᠢᠲ᠋ᠠ  ᠶᠢᠨ ᠲᠥᠪ ᠤᠨ ᠪᠦᠯᠦᠭᠵᠢᠯ ᠢ ᠪᠠᠶᠢᠭᠤᠯᠬᠤ︔ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭᠲᠤ ᠠᠵᠤ ᠦᠢᠯᠡᠰ ᠤᠨ ᠪᠦᠰᠡ ᠶᠢ ᠪᠠᠶᠢᠭᠤᠯᠬᠤ︔ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢ ᠬᠠᠮᠲᠤ ᠪᠠᠷ ᠬᠥᠭᠵᠢᠭᠦᠯᠬᠦ ᠵᠡᠷᠭᠡ ᠠᠷᠭ᠎ᠠ ᠬᠡᠮᠵᠢᠶ᠎ᠡ ᠪᠠᠭᠲᠠᠵᠤ ᠪᠤᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号