ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 34 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/22
     12 ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 34 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ 2024 ᠣᠨ ᠤ ᠦᠴᠦᠸᠠᠨ ᠰᠢᠶᠠᠨ ᠤ ᠰᠢᠨ᠎ᠡ ᠵᠢᠯ ᠴᠠᠭᠠᠨ ᠰᠠᠷ᠎ᠠ ᠶᠢᠨ ᠥᠯᠵᠡᠶᠢᠲᠦ ᠡᠳᠦᠷ ᠤᠨ ᠪᠠᠶᠠᠷ ᠤᠨ ᠰᠣᠶᠣᠯ ᠪᠡᠶ᠎ᠡ ᠶᠢᠨ ᠲᠠᠮᠢᠷ ᠤᠨ ᠰᠢᠷᠢᠰ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ᠢ ᠬᠢᠨᠠᠨ ᠵᠥᠪᠯᠡᠪᠡ᠃      ᠬᠤᠷᠠᠯ ᠠᠴᠠ᠂ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠲᠣᠭᠲᠠᠭᠠᠯ ᠢ ᠨᠠᠷᠢᠨ ᠬᠢᠨᠠᠮᠠᠭᠠᠢ ᠰᠤᠷᠤᠯᠴᠠᠵᠤ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠮᠠᠨ ᠤ ᠰᠢᠶᠠᠨ ᠤ ᠪᠣᠳᠠᠲᠠᠢ ᠳᠤ ᠰᠠᠭᠤᠷᠢᠯᠠᠵᠤ᠂ ᠪᠦᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠪᠦᠬᠦ ᠰᠢᠶᠠᠨ ᠤ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠤᠯᠠᠨ ᠬᠡᠯᠪᠡᠷᠢ ᠶᠢᠨ ᠰᠣᠶᠣᠯ ᠤᠨ ᠠᠵᠢᠯᠯᠠᠭ᠎ᠠ ᠶᠢ ᠥᠷᠨᠢᠭᠦᠯᠵᠦ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠠᠮᠤᠷ ᠲᠦᠪᠰᠢᠨ ᠢ ᠪᠠᠲᠤᠯᠠᠭᠰᠠᠨ ᠰᠠᠭᠤᠷᠢᠨ ᠳᠡᠭᠡᠷ᠎ᠡ᠂ ᠦᠨᠳᠦᠰᠦᠨ ᠱᠠᠲᠤᠨ ᠤ ᠤᠯᠠᠨ ᠲᠦᠮᠡᠨ ᠤ ᠬᠠᠮᠲᠤ ᠪᠠᠷ ᠰᠢᠨ᠎ᠡ ᠣᠨ ᠢᠶᠠᠨ ᠤᠭᠲᠤᠬᠤ᠂ ᠬᠠᠮᠲᠤ ᠪᠠᠷ ᠪᠠᠶᠠᠷ ᠤᠨ ᠡᠳᠦᠷ ᠢ ᠪᠡᠯᠭᠡᠯᠡᠬᠦ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠵᠠᠢ᠃ ︵ᠰᠤᠷᠪᠤᠯᠵᠢᠯᠠᠭᠴᠢ᠄ ᠫᠠᠨ ᠲᠢᠩ  ᠶᠠᠩ ᠵᠢᠶᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号