ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 18 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/25
     12 ᠰᠠᠷ᠎ᠠ ᠶᠢᠨ 20  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 18 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠳᠡᠭᠡᠷ᠎ᠡ᠂ ᠬᠡᠰᠡᠭ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠪᠦᠷᠢᠯᠳᠦᠭᠦᠨ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠣᠯᠣᠨ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ ᠲᠤᠰ ᠪᠡᠶ᠎ᠡ ᠶᠢᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠵᠢᠯ ᠲᠠᠢ ᠪᠠᠨ ᠤᠶᠠᠯᠳᠤᠭᠤᠯᠵᠤ᠂ ᠲᠠᠨᠢᠯᠲᠠ ᠶᠢᠨ ᠲᠤᠬᠠᠢ ᠶᠠᠷᠢᠵᠤ᠂ ᠬᠦᠷᠦᠯᠴᠡᠬᠦ ᠦᠭᠡᠢ ᠲᠠᠯ᠎ᠠ ᠪᠠᠨ ᠪᠠᠶᠢᠴᠠᠭᠠᠵᠤ᠂ ᠠᠷᠭ᠎ᠠ ᠬᠡᠮᠵᠢᠶ᠎ᠡ ᠳᠤᠷᠠᠳᠴᠤ᠂ ᠰᠤᠳᠤᠯᠤᠨ ᠶᠠᠷᠢᠯᠴᠠᠵᠤ ᠰᠣᠯᠢᠯᠴᠠᠪᠠ᠃      ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠃ ᠪᠦᠬᠦ ᠰᠢᠶᠠᠨ ᠤ ᠡᠯ᠎ᠡ ᠱᠠᠲᠣ ᠡᠯ᠎ᠡ ᠰᠠᠯᠠᠭ᠎ᠠ ᠮᠥᠴᠢᠷ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠣᠳᠠᠲᠠᠢ ᠭᠦᠨᠵᠡᠭᠡᠢ ᠲᠤᠭᠤᠰᠢᠯᠠᠭᠤᠯᠵᠤ᠂ ᠡᠨᠡ ᠵᠢᠯ ᠤᠨ ᠠᠵᠢᠯ ᠤᠨ ᠲᠤᠷᠰᠢᠯᠭ᠎ᠠ ᠪᠣᠯᠣᠨ ᠬᠦᠷᠦᠯᠴᠡᠬᠦ ᠦᠭᠡᠢ ᠲᠠᠯ᠎ᠠ ᠪᠠᠨ ᠨᠠᠷᠢᠨ ᠬᠢᠨᠠᠮᠠᠭᠠᠢ ᠲᠣᠭᠠᠯᠠᠨ ᠪᠦᠷᠢᠳᠬᠡᠵᠦ᠂ ᠢᠷᠡᠬᠦ ᠵᠢᠯ ᠤᠨ ᠠᠵᠢᠯ ᠤᠨ ᠴᠢᠭᠯᠡᠯ ᠪᠣᠯᠣᠨ ᠭᠤᠣᠯᠳᠠᠯᠭ᠎ᠠ ᠲᠠᠢ ᠠᠭᠤᠯᠭ᠎ᠠ ᠶᠢ ᠰᠢᠰᠲ᠋ᠧᠮ ᠲᠠᠢ ᠲᠥᠯᠥᠪᠵᠢᠭᠦᠯᠵᠦ᠂ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠭᠤᠣᠯ ᠤᠳᠤᠷᠢᠳᠤᠯᠭ᠎ᠠ ᠠᠴᠠ ᠦᠴᠦᠸᠠᠨ ᠰᠢᠶᠠᠨ ᠳᠤ ᠭᠠᠷᠭᠠᠭᠰᠠᠨ ᠡᠯ᠎ᠡ ᠵᠦᠢᠯ ᠤᠨ ᠵᠢᠭᠠᠪᠤᠷᠢ ᠱᠠᠭᠠᠷᠳᠠᠯᠭ᠎ᠠ ᠲᠠᠢ ᠤᠶᠠᠯᠳᠤᠭᠤᠯᠵᠤ᠂ ᠰᠡᠳᠬᠢᠴᠡ ᠪᠠᠨ ᠤᠯᠠᠮ ᠴᠢᠨᠠᠭᠰᠢᠳᠠ ᠲᠣᠳᠣᠷᠬᠠᠢ ᠪᠣᠯᠭᠠᠵᠤ᠂ ᠠᠷᠭ᠎ᠠ ᠬᠡᠮᠵᠢᠶ᠎ᠡ ᠪᠠᠨ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠪᠦᠬᠦ ᠰᠢᠶᠠᠨ ᠤ ᠡᠯ᠎ᠡ ᠵᠦᠢᠯ ᠤᠨ ᠠᠵᠢᠯ ᠢ ᠢᠮᠠᠭᠲᠠ ᠭᠤᠣᠯ ᠰᠢᠵᠢᠮ ᠤᠨ ᠳᠠᠭᠠᠤ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠠᠮᠵᠢᠯᠲᠠ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠠᠭᠤᠰᠤᠯᠴᠠᠭᠤᠯᠬᠤ ᠠᠵᠢᠯ ᠢ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠭᠤᠣᠯ ᠰᠡᠳᠦᠪᠲᠦ ᠬᠥᠮᠦᠵᠢᠯ᠂ ᠠᠵᠤ ᠦᠢᠯᠡᠰ ᠤᠨ ᠬᠥᠭᠵᠢᠯᠲᠡ᠂ ᠦᠵᠡᠯ ᠰᠠᠨᠠᠭ᠎ᠠ ᠰᠣᠶᠣᠯ ᠤᠨ ᠠᠵᠢᠯ᠂ ᠦᠵᠡᠯ ᠤᠬᠠᠮᠰᠠᠷ ᠤᠨ ᠬᠡᠯᠪᠡᠷᠢ᠂ ᠨᠡᠶᠢᠭᠡᠮ ᠤᠨ ᠵᠠᠰᠠᠯᠲᠠ ᠵᠡᠷᠭᠡ ᠡᠯ᠎ᠡ ᠵᠦᠢᠯ ᠤᠨ ᠠᠵᠢᠯ ᠳᠤ ᠲᠤᠭᠤᠰᠢᠯᠠᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠡᠷᠬᠡᠪᠰᠢ ᠴᠢᠨᠠᠷ ᠰᠠᠶᠢᠲᠠᠢ ᠬᠥᠭᠵᠢᠯᠲᠡ ᠭᠡᠬᠦ ᠡᠨᠡᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠥᠭᠵᠢᠯᠲᠡ ᠪᠣᠯᠣᠨ ᠠᠮᠤᠷ ᠲᠦᠪᠰᠢᠨ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠡᠨ ᠪᠦᠬᠦ ᠰᠢᠶᠠᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠵᠤ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠴᠢᠳᠠᠪᠤᠷᠢ ᠶᠢᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ︽ᠨᠢᠭᠡ ᠬᠥᠯᠭᠡ ᠰᠢᠲᠠᠷ᠎ᠠ︾ ᠶᠢᠨ ᠤᠬᠠᠮᠰᠠᠷ ᠢᠶᠠᠨ ᠴᠢᠩᠭᠠᠳᠬᠠᠵᠤ᠂ ᠣᠯᠣᠯᠴᠠᠭ᠎ᠠ ᠵᠣᠬᠢᠴᠠᠭᠤᠯᠭ᠎ᠠ ᠪᠠ ᠬᠠᠮᠵᠢᠯᠴᠠᠭ᠎ᠠ ᠪᠠᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠠᠪᠤᠳᠠᠯ ᠢ ᠡᠯ᠎ᠡ ᠵᠦᠢᠯ ᠤᠨ ᠠᠵᠢᠯ ᠳᠠᠭᠠᠨ ᠲᠤᠭᠤᠰᠢᠯᠠᠭᠤᠯᠵᠤ᠂ ᠵᠡᠷᠭᠡᠪᠡᠷ ᠠᠳᠬᠤᠵᠤ ᠬᠠᠮᠲᠤᠪᠠᠷ ᠪᠠᠶᠢᠭᠤᠯᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠬᠡᠷᠡᠭᠲᠡᠢ᠃ ᠭᠤᠣᠯ ᠰᠢᠵᠢᠮ ᠤᠨ ᠲᠣᠭᠤᠷᠢᠨ ᠳᠤ ᠵᠠᠩᠭᠢᠯᠠᠭ᠎ᠠ ᠶᠢᠨ ᠵᠠᠩᠭᠢᠯᠠᠭ᠎ᠠ ᠶᠢ ᠠᠩᠬᠠᠷᠴᠤ᠂ ᠭᠤᠣᠯ ᠵᠥᠷᠢᠴᠡᠯ ᠢ ᠠᠳᠬᠤᠵᠤ᠂ ᠠᠵᠤ ᠠᠬᠤᠢ ᠶᠢᠨ ᠭᠦᠢᠴᠡᠳᠬᠡᠯ ᠲᠤᠭ᠎ᠠ᠂ ᠢᠲᠡᠭᠡᠮᠵᠢ ᠶᠢᠨ ᠰᠢᠰᠲ᠋ᠧᠮ᠂ ᠡᠳ᠋ ᠤᠨ ᠵᠠᠰᠠᠭ᠂ ᠳᠤᠯᠠᠭᠠᠯᠠᠭ᠎ᠠ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭ ᠲᠤᠬᠠᠢ ᠳᠤᠨᠢ ᠲᠣᠬᠢᠷᠠᠭᠤᠯᠤᠨ ᠠᠩᠬᠠᠷᠴᠤ ᠰᠢᠢᠳᠪᠦᠷᠢᠯᠡᠬᠦ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ︵ᠰᠤᠷᠪᠤᠯᠵᠢᠯᠠᠭᠴᠢ᠄ ᠯᠢᠦᠢ ᠫᠢᠩ ᠫᠢᠩ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号