ᠦᠴᠦᠸᠠᠨ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2023/12/25
      12 ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 120 ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ 6 ᠳ᠋ᠤᠭᠠᠷ ᠤᠳᠠᠭ᠎ᠠ ᠶᠢᠨ ᠬᠤᠷᠠᠯ᠂ ᠰᠢᠶᠠᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ 5 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠭᠤᠸᠠᠩᠰᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠬᠦᠢᠲᠡᠨ ᠠᠭᠤᠷ ᠠᠮᠢᠰᠬᠤᠯ ᠪᠣᠯᠣᠨ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠬᠤ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠶᠢᠨ ᠬᠠᠮᠲᠤ ᠮᠠᠨ ᠤ ᠰᠢᠶᠠᠨ ᠤ 2023 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠪᠣᠯᠣᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃       ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠰᠢᠨ᠎ᠡ ᠴᠠᠭ ᠦᠶ᠎ᠡ ᠳᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ︽ᠲᠠᠪᠤᠨ ᠡᠷᠬᠡᠪᠰᠢ︾ ᠶᠢᠨ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠨᠠᠮ ᠤᠨ ᠲᠥᠪ ᠬᠤᠷᠢᠶᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ ᠮᠠᠭᠠᠳᠯᠠᠯᠲᠠ ᠶᠢ ᠣᠨᠣᠪᠴᠢᠲᠠᠶ ᠡᠵᠡᠮᠰᠢᠵᠦ᠂ ᠰᠡᠳᠬᠢᠴᠡ ᠪᠠᠨ ᠡᠮᠬᠢᠯᠡᠵᠦ᠂ ᠭᠤᠣᠯᠳᠠᠯᠭ᠎ᠠ ᠶᠢ ᠲᠣᠪᠤᠶᠢᠯᠭᠠᠨ᠂ ᠰᠢᠨᠵᠢᠯᠡᠬᠦ ᠤᠬᠠᠭᠠᠨᠴᠢ ᠪᠠᠷ ᠵᠠᠳᠠᠯᠤᠨ ᠰᠤᠳᠤᠯᠵᠤ ᠮᠠᠭᠠᠳᠯᠠᠨ᠂ ᠮᠠᠨ ᠤ ᠰᠢᠶᠠᠨ ᠤ 2024 ᠣᠨ ᠤ ᠲᠦᠷᠦᠯ ᠵᠦᠢᠯ ᠢ ᠲᠥᠯᠥᠪᠵᠢᠭᠦᠯᠵᠦ ᠨᠥᠭᠡᠴᠡᠯᠡᠬᠦ ᠠᠵᠢᠯ ᠢ ᠭᠦᠨᠵᠡᠭᠡᠢ ᠪᠣᠳᠠᠲᠠᠢ ᠨᠠᠷᠢᠯᠢᠭ ᠬᠢᠵᠦ᠂ ᠲᠦᠷᠦᠯ ᠵᠦᠢᠯ ᠢ ᠲᠥᠯᠥᠪᠵᠢᠭᠦᠯᠬᠦ ᠶᠢᠨ ᠰᠢᠨᠵᠢᠯᠡᠬᠦ ᠤᠬᠠᠭᠠᠨᠴᠢ ᠴᠢᠨᠠᠷ᠂ ᠨᠠᠷᠢᠯᠢᠭ ᠣᠨᠣᠪᠴᠢᠲᠤ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠲᠠᠰᠤᠷᠠᠯᠲᠠ ᠦᠭᠡᠢ ᠴᠢᠩᠭᠠᠳᠬᠠᠵᠤ᠂ ᠨᠢᠭᠡ ᠪᠦᠯᠦᠭ ᠬᠥᠭᠵᠢᠯᠲᠡ ᠶᠢᠨ ᠳᠠᠯᠳᠠ ᠬᠦᠴᠦᠨ ᠢᠶᠠᠷ ᠶᠡᠭᠡ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ᠂ ᠠᠵᠤ ᠠᠬᠤᠢ ᠶᠢᠨ ᠦᠷ᠎ᠡ ᠠᠰᠢᠭ ᠢᠶᠠᠷ ᠰᠠᠶᠢᠨ᠂ ᠮᠠᠨ ᠤ ᠰᠢᠶᠠᠨ ᠤ ᠬᠥᠭᠵᠢᠯᠲᠡ ᠲᠠᠢ ᠵᠣᠬᠢᠴᠠᠭᠰᠠᠨ ᠲᠦᠷᠦᠯ ᠵᠦᠢᠯ ᠢ ᠲᠥᠯᠥᠪᠵᠢᠭᠦᠯᠵᠦ᠂ ᠴᠢᠨᠠᠷ ᠰᠠᠶᠢᠲᠠᠢ ᠲᠦᠷᠦᠯ ᠵᠦᠢᠯ ᠤᠨ ᠲᠥᠯᠥᠪᠵᠢᠭᠦᠯᠭᠡ ᠪᠠᠷ ᠦᠴᠤᠸᠠᠨ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠰᠡᠯᠭᠦᠬᠦ ᠬᠦᠴᠦᠨ ᠬᠤᠷᠠᠮᠳᠤᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠭᠤᠸᠠᠩᠰᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡᠬᠦ ᠭᠤᠣᠯ ᠰᠢᠵᠢᠮ ᠢ ᠲᠤᠰ ᠭᠠᠵᠠᠷ ᠣᠷᠣᠨ᠂ ᠲᠤᠰ ᠬᠦᠷᠢᠶᠡᠨ ᠤ ᠠᠵᠢᠯ ᠤᠨ ᠡᠯ᠎ᠡ ᠲᠠᠯ᠎ᠠ᠂ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠬᠦᠢᠲᠡᠨ ᠠᠭᠤᠷ ᠠᠮᠢᠰᠬᠤᠯ ᠪᠣᠯᠣᠨ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠬᠤ ᠠᠵᠢᠯ ᠤᠨ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠤᠳᠤᠯᠤᠨ ᠮᠠᠭᠠᠳᠯᠠᠵᠤ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠲᠦᠷᠭᠡᠨ ᠲᠤᠰᠬᠠᠬᠤ ᠲᠣᠭᠲᠠᠴᠠ ᠶᠢ ᠪᠠᠶᠢᠭᠤᠯᠵᠤ᠂ ᠳᠤᠯᠠᠭᠠᠯᠠᠭ᠎ᠠ ᠶᠢ ᠪᠠᠲᠤᠯᠠᠬᠤ᠂ ᠠᠶᠤᠯᠭᠦᠢ ᠦᠢᠯᠡᠳᠪᠦᠷᠢᠯᠡᠬᠦ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ᠠᠮᠤᠷ ᠲᠦᠪᠰᠢᠨ ᠳᠤᠯᠠᠭᠠᠨ ᠪᠦᠯᠢᠶᠡᠨ ᠡᠪᠦᠯᠵᠢᠬᠦ ᠶᠢ ᠦᠨᠡᠨᠬᠦ ᠪᠠᠲᠤᠯᠠᠵᠤ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃       ᠬᠤᠷᠠᠯ ᠠᠴᠠ ᠱᠠᠭᠠᠷᠳᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠪᠦᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠰᠠᠶᠢᠲᠤᠷ ᠬᠢᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠣᠨ ᠠᠵᠢᠯᠯᠠᠭ᠎ᠠ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠠᠵᠢᠯ ᠤᠨ ᠳᠤᠮᠳᠠ ᠣᠷᠣᠰᠢᠵᠤ ᠪᠠᠶᠢᠭ᠎ᠠ ᠳᠤᠲᠠᠭᠤᠳᠠᠯ ᠤᠨ ᠠᠰᠠᠭᠤᠳᠠᠯ ᠢ ᠰᠡᠷᠭᠡᠭ ᠢᠶᠠᠷ ᠲᠠᠨᠢᠵᠤ᠂ ᠨᠠᠷᠢᠨ ᠬᠢᠨᠠᠮᠠᠭᠠᠢ ᠠᠵᠢᠯ ᠤᠨ ᠰᠤᠷᠲᠠᠯ᠂ ᠯᠠᠪᠳᠠᠭᠤᠨ ᠪᠦᠲᠦᠮᠵᠢᠲᠡᠢ ᠠᠵᠢᠯ ᠤᠨ ᠠᠷᠭ᠎ᠠ ᠬᠡᠮᠵᠢᠶ᠎ᠡ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ︵ᠰᠤᠷᠪᠤᠯᠵᠢᠯᠠᠭᠴᠢ᠄ ᠯᠢᠦᠢ ᠫᠢᠩ ᠫᠢᠩ᠂ ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号