ᠬᠠᠳᠠ ᠬᠥᠬᠡ ᠡᠷᠭᠢ ᠪᠠᠯᠭᠠᠰᠤᠨ ᠤ ᠲᠥᠪᠯᠡᠷᠡᠭᠦᠯᠦᠨ ᠢᠯᠴᠢ ᠬᠠᠩᠭᠠᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2023/12/26
     12 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ︽ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠮᠠᠨ ᠤ ᠰᠢᠶᠠᠨ ᠤ ᠳᠥᠷᠪᠡᠳᠦᠭᠡᠷ ᠢᠯᠴᠢ ᠶᠢᠨ ᠰᠤᠷᠪᠤᠯᠵᠢ ᠶᠢᠨ ᠦᠢᠯᠡᠳᠪᠦᠷᠢ ᠪᠠ ᠬᠡᠰᠡᠭ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠲᠣᠭᠤᠷᠢᠭ ᠲᠤ ᠭᠦᠨᠵᠡᠭᠡᠶᠢᠷᠡᠨ᠂ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠰᠢᠶᠠᠨ ᠤ ᠳᠡᠳ᠋ ᠳᠠᠷᠤᠭ᠎ᠠ ᠵᠠᠩ ᠵᠢᠶᠧ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠮᠠᠨ ᠤ ᠰᠢᠶᠠᠨ ᠤ ᠳᠥᠷᠪᠡᠳᠦᠭᠡᠷ ᠢᠯᠴᠢ ᠶᠢᠨ ᠡᠬᠢ ᠰᠤᠷᠪᠤᠯᠵᠢ ᠶᠢᠨ ᠦᠢᠯᠡᠳᠪᠦᠷᠢ ᠳᠤ᠂ ᠬᠠᠳᠠ ᠢᠯᠴᠢ ᠶᠢᠨ ᠡᠬᠢ ᠰᠤᠷᠪᠤᠯᠵᠢ ᠶᠢᠨ ᠪᠠᠲᠤᠯᠠᠭ᠎ᠠ᠂ ᠲᠥᠬᠦᠭᠡᠷᠦᠮᠵᠢ ᠶᠢᠨ ᠠᠵᠢᠯᠯᠠᠭᠠᠨ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠡᠪᠦᠯ ᠤᠨ ᠤᠯᠠᠷᠢᠯ ᠤᠨ ᠢᠯᠴᠢ ᠬᠠᠩᠭᠠᠬᠤ ᠨᠢ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ ᠪᠠᠶᠢᠳᠠᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠣᠨᠴᠠᠭᠠᠶ ᠴᠠᠭ ᠠᠭᠤᠷ ᠤᠨ ᠳᠣᠣᠷ᠎ᠠ ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠲᠥᠬᠦᠭᠡᠷᠦᠮᠵᠢ ᠶᠢᠨ ᠠᠮᠤᠷ ᠲᠦᠪᠰᠢᠨ ᠪᠥᠭᠡᠳ ᠲᠣᠭᠲᠠᠭᠤᠨ ᠢᠶᠠᠷ ᠠᠵᠢᠯᠯᠠᠬᠤ ᠠᠰᠠᠭᠤᠳᠠᠯ ᠢ ᠤᠷᠢᠳᠴᠢᠯᠠᠨ ᠰᠤᠳᠤᠯᠤᠨ ᠮᠠᠭᠠᠳᠯᠠᠬᠤ ᠶᠢᠨ ᠬᠠᠮᠲᠤ ᠰᠢᠢᠳᠪᠦᠷᠢᠯᠡᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠡᠯ᠎ᠡ ᠵᠠᠩᠭᠢᠯᠠᠭ᠎ᠠ ᠳᠤ ᠨᠠᠶᠢᠳᠠᠪᠤᠷᠢᠵᠢᠭᠤᠯᠬᠤ ᠬᠡᠷᠡᠭᠲᠡᠢ᠃ ᠳᠤᠯᠠᠭᠠᠯᠭ᠎ᠠ ᠶᠢᠨ ᠪᠠᠲᠤᠯᠠᠭ᠎ᠠ ᠶᠢᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠭᠡᠨᠡᠳᠲᠡ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠰᠠᠶᠢᠲᠤᠷ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠬᠤ ᠠᠵᠢᠯᠲᠠᠨ᠂ ᠡᠳ᠋ ᠪᠣᠳᠠᠰ᠂ ᠲᠥᠬᠦᠭᠡᠷᠦᠮᠵᠢ ᠶᠢ ᠭᠦᠢᠴᠡᠳ ᠪᠡᠯᠡᠳᠬᠡᠨ᠂ ᠲᠥᠬᠦᠭᠡᠷᠦᠮᠵᠢ ᠶᠢ ᠪᠠᠶᠢᠴᠠᠭᠠᠨ ᠵᠠᠰᠠᠵᠤ ᠬᠠᠮᠠᠭᠠᠯᠠᠬᠤ ᠪᠠ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠮᠠᠨ ᠤ ᠰᠢᠶᠠᠨ ᠤ ᠬᠤᠲᠠ ᠶᠢᠨ ᠲᠣᠭᠤᠷᠢᠭ ᠤᠨ ᠳᠤᠯᠠᠭᠠᠯᠭ᠎ᠠ ᠶᠢᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃      ᠺᠧ ᠺᠧ ᠬᠤᠸᠠ ᠶᠤᠸᠠᠨ B ᠲᠣᠭᠤᠷᠢᠭ ᠪᠣᠯᠣᠨ ᠪᠢ ᠱᠦᠢ ᠯᠦᠩ ᠴᠧᠩ ᠲᠣᠭᠤᠷᠢᠭ ᠲᠤ ᠬᠠᠳᠠ ᠭᠡᠷ ᠳᠣᠲᠣᠷᠠᠬᠢ ᠳᠤᠯᠠᠭᠠᠨ ᠤ ᠪᠠᠶᠢᠳᠠᠯ ᠢ ᠨᠠᠷᠢᠨ ᠣᠶᠢᠯᠠᠭᠠᠵᠤ᠂ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠬᠦᠯᠢᠴᠡᠩᠭᠦᠢ ᠪᠠᠷ ᠰᠣᠨᠣᠰᠴᠤ᠂ ᠢᠯᠴᠢ ᠬᠠᠩᠭᠠᠬᠤ ᠠᠵᠤ ᠠᠬᠤᠶᠢᠯᠠᠯ ᠤᠨ ᠮᠡᠷᠭᠡᠵᠢᠯᠲᠡᠨ   ᠢ ᠨᠠᠷᠢᠨ ᠬᠢᠨᠠᠮᠠᠭᠠᠢ ᠪᠠᠶᠢᠴᠠᠭᠠᠵᠤ᠂ ᠭᠡᠷ ᠳᠣᠲᠣᠷᠠᠬᠢ ᠳᠤᠯᠠᠭᠠᠨ ᠤ ᠬᠡᠮᠵᠢᠶ᠎ᠡ ᠳᠣᠣᠷ᠎ᠠ ᠪᠠᠶᠢᠬᠤ ᠰᠢᠯᠲᠠᠭᠠᠨ ᠢ ᠡᠷᠢᠨ ᠭᠠᠷᠭᠠᠵᠤ᠂ ᠵᠣᠬᠢᠴᠠᠩᠭᠤᠢ ᠲᠥᠰᠥᠯ ᠲᠣᠭᠲᠠᠭᠠᠨ ᠴᠡᠭᠴᠡᠯᠡᠨ ᠥᠭᠡᠷᠡᠴᠢᠯᠡᠬᠦ ᠬᠡᠷᠡᠭᠲᠡᠢ ᠭᠡᠵᠦ ᠱᠠᠭᠠᠷᠳᠠᠵᠠᠢ᠃ ᠲᠡᠷᠡ ᠬᠡᠯᠡᠬᠦ ᠳᠡᠭᠡᠨ᠂ ᠣᠶᠢᠷ᠎ᠠ ᠶᠢᠨ ᠬᠤᠭᠤᠴᠠᠭᠠᠨ ᠳᠤ ᠠᠭᠠᠷ ᠤᠨ ᠳᠤᠯᠠᠭᠠᠨ ᠲᠦᠷᠭᠡᠨ ᠪᠠᠭᠤᠷᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠤᠯᠠᠭᠠᠯᠠᠭ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠪᠣᠳᠠᠲᠠᠢ ᠪᠥᠭᠡᠳ ᠨᠠᠷᠢᠯᠢᠭ ᠬᠢᠵᠦ᠂ ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠤ ᠬᠡᠷᠡᠭᠴᠡᠭᠡ ᠶᠢ ᠣᠶᠢᠯᠠᠭᠠᠵᠤ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡ ᠪᠠᠷ ᠰᠠᠭᠤᠭᠠᠯᠢ ᠠᠷᠠᠳ ᠤᠨ ᠭᠡᠷ ᠲᠤ ᠬᠦᠷᠭᠡᠵᠦ᠂ ᠰᠠᠭᠤᠭᠠᠯᠢ ᠠᠷᠠᠳ ᠤᠨ ᠳᠤᠯᠠᠭᠠᠯᠠᠭ᠎ᠠ ᠶᠢᠨ ᠵᠣᠯ ᠵᠢᠷᠭᠠᠯᠲᠤ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠡᠢ᠃      ᠵᠠᠯᠭᠠᠭᠠᠳ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠬᠠᠳᠠ ᠢᠯᠴᠢ ᠬᠠᠩᠭᠠᠬᠤ ᠠᠵᠤ ᠠᠬᠤᠶᠢᠯᠠᠯ ᠤᠨ ᠬᠢᠨ ᠲᠥᠬᠦᠭᠡᠷᠦᠮᠵᠢ ᠶᠢᠨ ᠠᠵᠢᠯᠯᠠᠭᠠᠨ ᠢ ᠬᠢᠨᠠᠨ ᠬᠡᠮᠵᠢᠬᠦ ᠪᠠ ᠬᠠᠮᠠᠭᠠᠯᠠᠬᠤ ᠪᠠᠨ ᠴᠢᠩᠭᠠᠳᠬᠠᠵᠤ᠂ ᠢᠯᠴᠢ ᠬᠠᠩᠭᠠᠬᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠰᠢᠶᠠᠨ ᠤ ᠳᠣᠲᠣᠷᠠᠬᠢ ᠬᠤᠳᠠ ᠶᠢᠨ ᠲᠣᠭᠤᠷᠢᠭ ᠤᠨ ᠢᠯᠴᠢ ᠬᠠᠩᠭᠠᠬᠤ ᠪᠠᠲᠤᠯᠠᠪᠤᠷᠢ ᠶᠢᠨ ᠴᠢᠳᠠᠪᠤᠷᠢ ᠪᠣᠯᠣᠨ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠡᠶᠢᠭᠡᠮ ᠲᠣᠭᠤᠷᠢᠭ ᠤᠨ ᠲᠣᠣᠷᠵᠢᠭᠰᠠᠨ ᠬᠠᠮᠢᠶᠠᠷᠤᠯᠲᠠ ᠶᠢᠨ ᠠᠵᠢᠯᠲᠠᠨ ᠲᠠᠢ ᠬᠠᠮᠵᠢᠯᠴᠠᠨ ᠰᠠᠭᠤᠭᠠᠯᠢ ᠡᠷᠦᠬᠡ ᠶᠢᠨ ᠳᠤᠯᠠᠭᠠᠯᠭ᠎ᠠ ᠶᠢᠨ ᠠᠰᠠᠭᠤᠳᠠᠯ ᠢ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ ᠰᠢᠢᠳᠪᠦᠷᠢᠯᠡᠨ᠂ ᠪᠣᠳᠠᠲᠠᠢ ᠠᠷᠭ᠎ᠠ ᠬᠡᠮᠵᠢᠶ᠎ᠡ᠂ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠂ ᠴᠠᠭ ᠬᠢᠵᠠᠭᠠᠷᠯᠠᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃᠃ ︵ᠰᠤᠷᠪᠤᠯᠵᠢᠯᠠᠭᠴᠢ᠄ ᠯᠢᠦ ᠪᠠᠢ ᠢᠦᠢ᠂ ᠯᠢᠦ ᠰᠢᠶᠣᠣ ᠴᠢᠶᠠᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号