ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 35 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/29
     12 ᠰᠠᠷ᠎ᠠ ᠶᠢᠨ 26  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 35 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ 2023 ᠣᠨ ᠤ ᠪᠦᠬᠦ ᠰᠢᠶᠠᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠵᠢᠴᠢ 2024 ᠣᠨ ᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠲᠣᠬᠢᠷᠠᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ 2024 ᠣᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠲᠣᠬᠢᠷᠠᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ᠂ ᠡᠨᠡ ᠵᠢᠯ ᠠᠴᠠ ᠨᠠᠰᠢ᠂ ᠪᠦᠬᠦ ᠰᠢᠶᠠᠨ ᠤ ᠳᠡᠭᠡᠳᠦ ᠳᠣᠣᠷᠠᠳᠤ ᠱᠠᠲᠤᠨ ᠤ ᠬᠠᠮᠲᠤ ᠶᠢᠨ ᠴᠢᠷᠮᠠᠶᠢᠯᠭ᠎ᠠ ᠪᠠᠷ᠂ ᠭᠤᠣᠯᠳᠠᠯᠭ᠎ᠠ ᠲᠠᠢ ᠣᠷᠣᠨ ᠪᠦᠰᠡ ᠪᠣᠯᠣᠨ ᠭᠤᠣᠯᠳᠠᠯᠭ᠎ᠠ ᠲᠠᠢ ᠠᠵᠢᠯ ᠲᠦᠷᠦᠯ ᠤᠨ ᠬᠢᠨ ᠦᠷᠭᠦᠯᠵᠢᠯᠡᠨ ᠬᠦᠴᠦᠯᠡᠵᠦ᠂ ᠪᠦᠬᠦ ᠵᠢᠯ ᠤᠨ ᠠᠵᠤ ᠠᠬᠤᠢ ᠶᠢᠨ ᠠᠵᠢᠯᠯᠠᠭᠠᠨ ᠳᠤ ᠳᠠᠷᠤᠯᠲᠠ ᠶᠢ ᠳᠠᠭᠠᠭᠠᠵᠤ ᠡᠬᠢᠯᠡᠬᠦ᠂ ᠰᠠᠷ᠎ᠠ ᠳᠠᠷᠠᠭᠠᠯᠠᠨ ᠳᠡᠭᠡᠭᠰᠢᠯᠡᠬᠦ᠂ ᠪᠦᠬᠦᠯᠢ ᠴᠣᠭᠴᠠ ᠪᠠᠷ ᠢᠶᠠᠨ ᠰᠠᠶᠢᠵᠢᠷᠠᠬᠤ ᠪᠠᠶᠢᠳᠠᠯ ᠢᠯᠡᠷᠡᠵᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠷᠭᠦᠯᠵᠢᠯᠡᠨ ᠬᠦᠴᠦᠯᠡᠵᠦ᠂ ᠣᠨ ᠤ ᠡᠭᠦᠷᠭᠡ ᠪᠣᠯᠣᠨ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠨᠠᠷᠢᠨ ᠬᠢᠨᠠᠮᠠᠭᠠᠢ ᠬᠠᠷᠢᠴᠠᠭᠤᠯᠤᠨ ᠵᠤᠷᠪᠤᠰ ᠳᠠᠷᠠᠭᠠᠯᠠᠨ ᠡᠮᠬᠢᠯᠡᠨ ᠲᠣᠬᠢᠷᠠᠭᠤᠯᠵᠤ᠂ ᠪᠦᠬᠦ ᠲᠠᠯ᠎ᠠ ᠪᠠᠷ ᠠᠯᠳᠠᠭᠳᠠᠯ ᠢ ᠪᠠᠶᠢᠴᠠᠭᠠᠨ ᠳᠤᠲᠠᠭᠳᠠᠯ ᠢ ᠨᠥᠬᠦᠪᠦᠷᠢᠯᠡᠵᠦ᠂ ᠰᠡᠭᠦᠯ ᠬᠤᠷᠢᠶᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠬᠠᠳᠠᠭᠠᠯᠠᠯᠲᠠ ᠶᠢ ᠲᠣᠭᠲᠠᠪᠤᠷᠢᠵᠢᠭᠤᠯᠬᠤ᠂ ᠨᠡᠮᠡᠭᠳᠡᠯ ᠢ ᠠᠳᠬᠤᠬᠤ᠂ ᠬᠤᠪᠢᠷᠠᠯᠲᠠ ᠶᠢ ᠰᠡᠷᠭᠡᠶᠢᠯᠡᠬᠦ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠳᠠᠯᠳᠠ ᠬᠦᠴᠦᠨ ᠢ ᠠᠭᠤᠳᠠᠯᠬᠤ᠂ ᠦᠢᠯᠡᠳᠪᠦᠷᠢᠯᠡᠯ ᠢ ᠲᠣᠭᠲᠠᠪᠤᠷᠢᠵᠢᠭᠤᠯᠬᠤ᠂ ᠦᠢᠯᠡᠳᠪᠦᠷᠢᠯᠡᠯ ᠤᠨ ᠴᠢᠳᠠᠪᠤᠷᠢ ᠶᠢ ᠥᠷᠭᠡᠳᠬᠡᠬᠦ ᠳᠤ ᠪᠦᠬᠦ ᠬᠦᠴᠦᠨ ᠢᠶᠠᠷ ᠢᠶᠠᠨ ᠬᠠᠪᠰᠤᠷᠴᠤ᠂ ᠨᠡᠩ ᠤᠯᠠᠨ ᠨᠡᠮᠡᠭᠳᠡᠯ ᠤᠨ ᠬᠡᠮᠵᠢᠶ᠎ᠡ ᠶᠢ ᠪᠤᠢ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠪᠦᠬᠦ ᠰᠢᠶᠠᠨ ᠤ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠪᠠ ᠳᠤᠲᠠᠭᠤᠳᠠᠯ᠂ ᠪᠠᠭᠤᠷᠠᠢ ᠲᠠᠯ᠎ᠠ ᠪᠠ ᠳᠠᠯᠳᠠ ᠬᠦᠴᠦᠨ ᠢ ᠪᠤᠰᠤᠳᠴᠢ ᠪᠠᠷ ᠵᠠᠳᠠᠯᠵᠤ᠂ ᠬᠥᠭᠵᠢᠯᠲᠡ ᠶᠢᠨ ᠢᠲᠡᠭᠡᠯ ᠢᠶᠠᠨ ᠴᠢᠨᠠᠭᠰᠢᠳᠠ ᠨᠡᠮᠡᠭᠳᠡᠭᠦᠯᠵᠦ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠢᠷᠡᠬᠦ ᠵᠢᠯ ᠤᠨ ᠬᠥᠭᠵᠢᠯᠲᠡ ᠶᠢᠨ ᠬᠠᠷᠠᠯᠲᠠ ᠪᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠢ᠃ ᠪᠡᠯᠡ ᠣᠷᠣᠭᠤᠯᠤᠯᠲᠠ ᠶᠢ ᠲᠣᠭᠲᠠᠭᠤᠨ ᠢᠶᠠᠷ ᠤᠷᠤᠭᠰᠢᠯᠠᠭᠤᠯᠬᠤ ᠰᠠᠭᠤᠷᠢ ᠶᠢ ᠪᠠᠬᠢᠵᠢᠭᠦᠯᠵᠦ᠂ ᠬᠡᠷᠡᠭᠯᠡᠭᠡ ᠶᠢ ᠶᠡᠬᠡᠪᠡᠷ ᠳᠡᠭᠡᠭᠰᠢᠯᠡᠭᠦᠯᠬᠦ ᠳᠠᠯᠳᠠ ᠬᠦᠴᠦᠨ ᠢ ᠪᠠᠳᠠᠷᠠᠭᠤᠯᠵᠤ᠂ ᠮᠠᠨ ᠤ ᠰᠢᠶᠠᠨ ᠤ ᠠᠵᠤ ᠠᠬᠤᠢ ᠶᠢᠨ ᠪᠦᠲᠦᠮᠵᠢᠲᠡᠢ ᠨᠡᠮᠡᠭᠳᠡᠯ ᠢ ᠠᠬᠢᠭᠤᠯᠵᠤ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠪᠦᠬᠦ ᠬᠦᠴᠦᠨ ᠢᠶᠠᠷ ᠢᠶᠠᠨ ᠪᠠᠬᠢᠵᠢᠭᠦᠯᠦᠨ ᠴᠢᠩᠭᠠᠳᠬᠠᠬᠤ ᠬᠡᠷᠡᠭᠲᠡᠢ᠃ ᠲᠦᠷᠦᠯ ᠵᠦᠢᠯ ᠤᠨ ᠨᠥᠭᠡᠴᠡᠯᠡᠯᠲᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠪᠠᠭᠲᠠᠭᠠᠮᠵᠢ ᠪᠠᠷ ᠶᠡᠭᠡ᠂ ᠮᠡᠷᠭᠡᠵᠢᠯ ᠤᠨ ᠲᠦᠪᠰᠢᠨ ᠢᠶᠠᠷ ᠥᠨᠳᠥᠷ᠂ ᠳᠠᠶᠢᠴᠢᠯᠠᠬᠤ ᠦᠢᠯᠡᠳᠦᠯ ᠢᠶᠠᠷ ᠴᠢᠩᠭ᠎ᠠ ᠨᠢᠭᠡ ᠪᠦᠯᠦᠭ ᠰᠢᠯᠢᠳᠡᠭ ᠲᠦᠷᠦᠯ ᠵᠦᠢᠯ ᠢ ᠣᠷᠣᠭᠤᠯᠤᠨ ᠠᠪᠴᠢᠷᠠᠬᠤ ᠶᠢ ᠰᠦᠪᠡᠭᠴᠢᠯᠡᠬᠦ ᠬᠡᠷᠡᠭᠲᠡᠢ᠃ ᠵᠢᠯ ᠤᠨ ᠡᠴᠦᠰ ᠤᠨ ᠠᠶᠤᠯᠭᠦᠢ ᠦᠢᠯᠡᠳᠪᠦᠷᠢᠯᠡᠯ᠂ ᠨᠡᠶᠢᠭᠡᠮ ᠤᠨ ᠲᠣᠭᠲᠠᠭᠤᠨ᠂ ᠬᠦᠴᠦᠨ ᠵᠦᠢᠯ ᠤᠨ ᠪᠠᠲᠤᠯᠠᠭ᠎ᠠ ᠪᠣᠯᠣᠨ ᠵᠠᠬ᠎ᠠ ᠳᠡᠯᠭᠡᠭᠦᠷ ᠤᠨ ᠦᠨ᠎ᠡ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号