ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ 2023 ᠣᠨ ᠤ 13 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠠᠭ ᠤᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/30
     12 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 13 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠠᠭ ᠤᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠳᠡᠭᠡᠷ᠎ᠡ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠡᠷᠡᠰ ᠪᠠᠲᠤᠯᠠᠬᠤ ᠬᠡᠷᠡᠭᠲᠡᠢ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠳᠦᠷᠢᠮ ᠢ ᠡᠷᠡᠰ ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ︔ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠪᠠᠷ ᠭᠦᠨ ᠳᠠᠪᠬᠤᠷᠭ᠎ᠠ ᠲᠡᠰᠢ ᠠᠬᠢᠭᠤᠯᠬᠤ ᠬᠡᠷᠡᠭᠲᠡᠢ︔ ᠭᠤᠣᠯ ᠰᠡᠳᠦᠪᠲᠦ ᠬᠥᠮᠦᠵᠢᠯ ᠤᠨ ᠳᠤᠮᠳᠠᠬᠢ ᠰᠠᠶᠢᠨ ᠠᠷᠭ᠎ᠠ ᠬᠢᠳᠡᠯ ᠰᠠᠶᠢᠨ ᠲᠤᠷᠰᠢᠯᠭ᠎ᠠ ᠶᠢ ᠨᠠᠷᠢᠨ ᠬᠢᠨᠠᠮᠠᠭᠠᠢ ᠳ᠋ᠦᠩᠨᠡᠨ ᠰᠠᠶᠢᠲᠤᠷ ᠪᠣᠯᠪᠠᠰᠤᠷᠠᠭᠤᠯᠵᠤ᠂ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠳᠡ ᠦᠭᠡᠢ ᠪᠠᠬᠢᠵᠢᠭᠦᠯᠦᠨ ᠥᠷᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠲᠣᠭᠲᠠᠭᠤᠨ ᠢᠶᠠᠷ ᠤᠷᠤᠭᠰᠢᠯᠠᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠢᠨ᠎ᠡ ᠵᠠᠮ ᠢᠶᠠᠷ ᠵᠠᠮᠨᠠᠵᠤ᠂ ᠳᠤᠮᠳᠠ ᠲᠥᠪᠰᠢᠨ ᠳᠤ ᠳᠠᠪᠰᠢᠨ ᠣᠷᠣᠵᠤ᠂ ᠡᠷᠴᠢ ᠵᠣᠷᠢᠭ ᠲᠠᠢ ᠡᠷᠡᠯᠬᠡᠭᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠲᠠᠰᠤᠷᠠᠯᠳᠡ ᠦᠭᠡᠢ ᠪᠢᠴᠢᠭᠯᠡᠨ᠎ᠡ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠠᠷᠭ᠎ᠠ ᠬᠡᠮᠵᠢᠶ᠎ᠡ ᠪᠠᠨ ᠰᠢᠨ᠎ᠡ ᠪᠠᠷ ᠡᠭᠦᠳᠴᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠨᠠᠩ ᠦᠷ᠎ᠡ ᠪᠦᠲᠦᠮᠵᠢᠲᠡᠶ ᠪᠠᠷ ᠲᠦᠯᠬᠢᠨ ᠠᠬᠢᠭᠤᠯᠬᠤ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号