11 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠰᠢᠶᠠᠨ ᠤ | ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 15 ᠳ᠋ᠤᠭᠠᠷ | ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠪᠦᠬᠦ ᠬᠥᠮᠥᠰ ︽ᠠᠮᠢ ᠨᠠᠰᠤ ᠲᠠᠶᠢᠱᠠᠨ ᠠᠭᠤᠯᠠ ᠠᠴᠠ ᠬᠦᠨᠳᠦ︾ | ᠭᠡᠬᠦ ᠲᠧᠯᠸᠢᠰ ᠤᠨ ᠲᠤᠰᠬᠠᠢ ᠰᠡᠳᠦᠪᠲᠦ ᠹᠢᠯᠢᠮ ᠢ ᠰᠣᠨᠢᠷᠬᠠᠵᠤ᠂ ᠳᠠᠷᠠᠭ᠎ᠠ ᠪᠠᠷ ᠨᠢ᠂ ᠬᠡᠰᠡᠭ ᠭᠤᠣᠯ | ᠳᠤᠭᠤᠶᠢᠯᠠᠩ ᠤᠨ ᠰᠤᠷᠤᠯᠴᠠᠬᠤ ᠪᠦᠷᠢᠯᠳᠦᠭᠦᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ | ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠣᠯᠣᠨ ᠵᠢᠭᠠᠪᠤᠷᠢ ᠶᠢᠨ ᠵᠣᠷᠢᠭ ᠰᠠᠨᠠᠭ᠎ᠠ ᠵᠢᠴᠢ ︽ᠨᠠᠢᠮᠠ | ᠨᠠᠢᠮᠠ ᠪᠠᠶᠢᠯᠳᠤᠬᠤ ᠪᠣᠳᠣᠯᠭ᠎ᠠ︾ ᠶᠢ ᠭᠦᠨᠵᠡᠭᠡᠢ ᠰᠤᠷᠤᠯᠴᠠᠬᠤ ᠶᠢᠨ ᠲᠣᠭᠤᠷᠢᠨ ᠳᠤ᠂ ᠲᠤᠰ ᠪᠡᠶ᠎ᠡ ᠶᠢᠨ ᠬᠤᠪᠢᠳᠠᠨ | ᠬᠠᠮᠢᠶᠠᠷᠴᠤ ᠪᠠᠶᠢᠭ᠎ᠠ ᠬᠦᠷᠢᠶᠡᠨ ᠤ ᠠᠵᠢᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠶᠠᠷᠢᠶ᠎ᠠ ᠲᠠᠯᠪᠢᠵᠠᠢ᠃ | ᠬᠤᠷᠠᠯ ᠠᠴᠠ ᠱᠠᠭᠠᠷᠳᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠨᠡᠩ ᠥᠨᠳᠥᠷ ᠤᠯᠤᠰ | ᠲᠦᠷᠦ ᠶᠢᠨ ᠵᠣᠭᠰᠣᠴᠠ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠪᠣᠳᠠᠲᠠᠢ ᠠᠳᠬᠤᠬᠤ ᠬᠡᠷᠡᠭᠲᠡᠢ᠃ ᠠᠵᠢᠯ ᠤᠨ | ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ | ᠬᠥᠭᠵᠢᠯᠲᠡ ᠶᠢ ᠪᠠᠲᠤᠯᠠᠬᠤ ᠬᠡᠷᠡᠭᠲᠡᠢ︔ ᠵᠠᠮ ᠬᠠᠷᠢᠯᠴᠠᠭ᠎ᠠ᠂ ᠭᠠᠯ ᠤᠨᠲᠠᠷᠠᠭᠠᠬᠤ᠂ ᠠᠶᠤᠯ ᠲᠠᠢ ᠬᠢᠮᠢ ᠶᠢᠨ ᠪᠣᠳᠠᠰ | ᠪᠣᠯᠣᠨ ᠬᠤᠸᠠᠷ ᠫᠤᠤᠵᠢᠩ᠂ ᠰᠢᠲᠠᠮᠠᠬᠠᠢ ᠬᠡᠢ᠂ ᠪᠠᠷᠢᠯᠭ᠎ᠠ ᠶᠢᠨ ᠠᠵᠢᠯ᠂ ᠰᠤᠷᠭᠠᠭᠤᠯᠢ ᠶᠢᠨ ᠬᠦᠷᠢᠶ᠎ᠡ ᠵᠡᠷᠭᠡ | ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠶᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢᠨ ᠭᠡᠮ | ᠰᠣᠭᠤᠭ ᠤᠨ ᠠᠰᠠᠭᠤᠳᠠᠯ ᠢ ᠶᠡᠬᠡᠪᠡᠷ ᠪᠠᠶᠢᠴᠠᠭᠠᠵᠤ᠂ ᠶᠡᠬᠡᠪᠡᠷ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠵᠦ᠂ ᠭᠡᠮ | ᠰᠣᠭᠤᠭ ᠢ ᠳᠠᠷᠠᠭᠠᠯᠠᠨ ᠪᠠᠶᠢᠴᠠᠭᠠᠬᠤ ᠲᠠᠯ᠎ᠠ ᠪᠠᠷ ᠪᠦᠬᠦᠨ ᠢ ᠪᠦᠷᠬᠦᠭᠦᠯᠵᠦ᠂ ᠭᠡᠮ ᠰᠣᠭᠤᠭ ᠢ ᠴᠡᠭᠴᠡᠯᠡᠨ ᠵᠠᠰᠠᠬᠤ | ᠲᠠᠯ᠎ᠠ ᠪᠠᠷ ᠥᠴᠥᠬᠡᠨ ᠴᠦ ᠠᠭᠤᠴᠢᠯᠠᠬᠤ ᠦᠭᠡᠢ ᠪᠠᠶᠢᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠢ ᠡᠷᠡᠰ | ᠬᠤᠷᠢᠭᠯᠠᠬᠤ ᠪᠠ ᠰᠡᠷᠭᠡᠶᠢᠯᠡᠬᠦ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠭᠦᠨᠵᠡᠭᠡᠶᠢᠷᠡᠭᠦᠯᠵᠦ᠂ ᠨᠡᠩ | ᠴᠢᠩᠭ᠎ᠠ ᠱᠠᠭᠠᠷᠳᠠᠯᠭ᠎ᠠ ᠪᠠᠷ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠬᠤ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠢ | ᠡᠭᠦᠷᠭᠡᠯᠡᠵᠦ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ | ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠬᠠᠷᠢᠭᠤᠴᠠᠯᠭ᠎ᠠ ᠪᠠᠨ ᠠᠯᠳᠠᠪᠠᠯ | ᠬᠠᠷᠢᠭᠤᠴᠠᠯᠭ᠎ᠠ ᠨᠡᠬᠡᠮᠵᠢᠯᠡᠬᠦ ᠶᠢ ᠪᠠᠷᠢᠮᠲᠠᠯᠠᠵᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ | ᠮᠥᠴᠢᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ | ᠬᠠᠷᠢᠭᠤᠴᠠᠯᠭ᠎ᠠ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠬᠢᠭᠤᠯᠵᠤ᠂ ᠠᠮᠤᠷ ᠲᠦᠪᠰᠢᠨ ᠲᠣᠭᠲᠠᠭᠤᠨ ᠬᠥᠭᠵᠢᠯᠲᠡ ᠶᠢᠨ | ᠣᠷᠴᠢᠨ ᠲᠣᠭᠤᠷᠢᠨ ᠢ ᠦᠷᠭᠦᠯᠵᠢᠯᠡᠨ ᠪᠤᠢ ᠪᠣᠯᠭᠠᠬᠤ ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ︽ᠨᠠᠢᠮᠠ ᠨᠠᠢᠮᠠ ᠪᠠᠶᠢᠯᠳᠤᠬᠤ ᠪᠣᠳᠣᠯᠭ᠎ᠠ︾ ᠶᠢ ᠰᠤᠷᠤᠯᠴᠠᠨ | ᠬᠡᠷᠡᠭᠯᠡᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠭᠤᠣᠯ ᠰᠡᠳᠦᠪᠲᠦ ᠬᠥᠮᠦᠵᠢᠯ ᠢ | ᠥᠷᠨᠢᠭᠦᠯᠬᠦ ᠶᠠᠪᠤᠴᠠ ᠳᠤ ᠵᠧᠵᠢᠶᠠᠩ ᠤᠨ ︽ᠨᠠᠢᠮᠠ ᠨᠠᠢᠮᠠ ᠪᠠᠶᠢᠯᠳᠤᠬᠤ ᠪᠣᠳᠣᠯᠭ᠎ᠠ︾ ᠶᠢ ᠭᠦᠨᠵᠡᠭᠡᠢ ᠬᠡᠷᠡᠭᠵᠢᠭᠦᠯᠦᠭᠰᠡᠨ | ᠦᠵᠡᠯ ᠰᠠᠨᠠᠭ᠎ᠠ ᠣᠨᠣᠯ ᠪᠠ ᠦᠢᠯᠡᠳᠦᠯᠭᠡ ᠶᠢᠨ ᠦᠷ᠎ᠡ ᠪᠦᠲᠦᠭᠡᠯ ᠢ ᠨᠠᠷᠢᠨ ᠬᠢᠨᠠᠮᠠᠭᠠᠢ ᠰᠤᠷᠤᠯᠴᠠᠨ ᠰᠤᠳᠤᠯᠵᠤ᠂ | ︽ᠨᠠᠢᠮᠠ ᠨᠠᠢᠮᠠ ᠪᠠᠶᠢᠯᠳᠤᠬᠤ ᠪᠣᠳᠣᠯᠭ᠎ᠠ︾ ᠳᠤ ᠠᠭᠤᠯᠤᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ | ᠤᠬᠠᠮᠰᠠᠷ ᠠᠴᠠ ᠪᠠᠨ ᠲᠤᠰ ᠭᠠᠵᠠᠷ ᠣᠷᠣᠨ᠂ ᠲᠤᠰ ᠨᠢᠭᠡᠴᠢ᠂ ᠲᠤᠰ ᠰᠠᠯᠠᠭ᠎ᠠ ᠮᠥᠴᠢᠷ ᠤᠨ ᠢᠶᠠᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠰᠡᠳᠬᠢᠴᠡ ᠠᠷᠭ᠎ᠠ ᠪᠠ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ | ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |