ᠠᠩᠬᠠᠳᠠᠭᠴᠢ ᠭᠡᠳᠦ ᠶᠡᠭᠡ ᠬᠡᠪᠴᠢᠶᠡᠨ ᠤ ︽ᠭᠡᠷᠡᠯᠴᠢ ᠴᠡᠨᠡᠭ + ᠬᠡᠢ ᠪᠦᠷᠬᠦᠭᠦᠯ︾ ᠤᠨ ᠲᠦᠷᠦᠯ ᠵᠦᠢᠯ ᠵᠢᠶᠠᠩᠰᠤ ᠳᠤ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2023/12/5
     ᠰᠤᠷᠪᠤᠯᠵᠢᠯᠠᠬᠴᠢ 2 ᠤᠨ ᠡᠳᠦᠷ ᠤᠯᠤᠰ ᠤᠨ ᠴᠠᠭᠢᠯᠭᠠᠨ ᠲᠣᠣᠷ ᠤᠨ ᠵᠢᠶᠠᠩᠰᠤ ᠮᠤᠵᠢ ᠶᠢᠨ ᠴᠠᠭᠢᠯᠭᠠᠨ ᠬᠦᠴᠦᠨ ᠤ ᠬᠢᠵᠠᠭᠠᠷᠲᠤ ᠺᠤᠮᠫᠠᠨᠢ ᠠᠴᠠ ᠣᠶᠢᠯᠠᠭᠠᠭᠰᠠᠨ ᠢᠶᠠᠷ᠂ ᠴᠠᠩ ᠵᠧᠦ ᠭᠠᠩ ᠤᠨ ᠯᠦ ᠠᠨ ᠵᠧᠦ ᠭᠠᠷᠠᠮ ᠳᠤ ᠪᠠᠶᠢᠭ᠎ᠠ 4 ᠰᠠᠭᠤᠷᠢ ᠭᠡᠳᠦ ᠶᠡᠭᠡ ᠬᠡᠪᠴᠢᠶᠡᠨ ᠤ ᠬᠡᠢ ᠪᠦᠷᠬᠦᠭᠦᠯ ᠤᠨ ᠬᠦᠯᠡᠮᠵᠢ ᠶᠢ ᠨᠢᠭᠡᠨᠲᠡ ᠪᠦᠭᠦ ᠲᠠᠯ᠎ᠠ ᠪᠠᠷ ᠲᠤᠷᠰᠢᠨ ᠠᠵᠢᠯᠯᠠᠭᠤᠯᠪᠠ᠂ ᠡᠨᠡ ᠨᠢ ᠤᠯᠤᠰ ᠤᠨ ᠳᠣᠲᠣᠭᠠᠳᠤ ᠶᠢᠨ ᠠᠩᠬᠠᠳᠠᠭᠴᠢ ᠭᠡᠳᠦ ᠶᠡᠭᠡ ᠬᠡᠪᠴᠢᠶᠡᠨ ᠤ ︽ᠭᠡᠷᠡᠯᠴᠢ ᠴᠡᠨᠡᠭ + ᠬᠡᠢ ᠪᠦᠷᠬᠦᠭᠦᠯ︾ ᠭᠡᠷᠡᠯᠴᠢ ᠴᠡᠨᠡᠭ ᠤᠨ ᠴᠠᠭᠢᠯᠭᠠᠨ ᠥᠷᠲᠡᠭᠡᠨ ᠤ ᠲᠥᠷᠦᠯ ᠵᠦᠢᠯ ᠠᠰᠢᠭᠯᠠᠯᠲᠠ ᠳᠤ ᠣᠷᠣᠭᠰᠠᠨ ᠢ ᠬᠠᠷᠠᠭᠤᠯᠵᠤ ᠪᠠᠶᠢᠨ᠎ᠠ᠃      ᠰᠤᠷᠪᠤᠯᠵᠢᠯᠠᠬᠴᠢ ᠲᠤᠬᠠᠢ ᠶᠢᠨ ᠲᠠᠯᠠᠪᠠᠶ ᠳᠤ ᠣᠯᠵᠤ ᠬᠠᠷᠠᠭᠰᠠᠨ ᠢᠶᠠᠷ᠂ 4 ᠲᠣᠮᠣ ᠭᠡᠯᠪᠡᠷᠢ ᠶᠢᠨ ︽ᠬᠡᠶᠢᠲᠦ ᠲᠤᠯᠭᠠᠭᠤᠷ︾ ᠳᠡᠭᠡᠷ᠎ᠡ ᠬᠡᠳᠦᠨ ᠳᠠᠪᠬᠤᠷ ᠭᠡᠷᠡᠯᠴᠢ ᠴᠡᠨᠡᠭᠲᠦ ︽ᠬᠥᠬᠡ ᠭᠦᠨᠵᠢᠯᠡ︾ ᠬᠤᠴᠢᠭᠰᠠᠨ ᠰᠢᠭ᠋ ᠪᠠᠶᠢᠯ᠎ᠠ᠃ ︽ᠲᠣᠰ ᠲᠥᠷᠥᠯ ᠵᠦᠢᠯ ᠤᠨ ᠶᠡᠷᠦᠩᠬᠡᠢ ᠲᠠᠯᠠᠪᠠᠶ ᠨᠢ 27 ᠲᠦᠮᠡᠨ ᠲᠡᠭᠰᠢ ᠳᠥᠷᠪᠡᠯᠵᠢᠨ ᠮᠧᠲᠷ ᠢ ᠳᠠᠪᠠᠵᠤ᠂ ᠵᠠᠳᠠᠭᠠᠢ ᠪᠠᠷᠠᠭ᠎ᠠ ᠶᠢ 150 ᠲᠦᠮᠡᠨ ᠲᠣᠨ ᠣᠪᠣᠭᠠᠯᠠᠨ ᠬᠠᠳᠠᠭᠠᠯᠠᠵᠤ ᠪᠣᠯᠣᠨ᠎ᠠ᠃ ᠰᠠᠷᠠᠪᠴᠢᠨ ᠳᠠᠬᠢ ᠲᠠᠷᠬᠠᠯᠲᠠ ᠶᠢᠨ ᠭᠡᠯᠪᠡᠷᠢ ᠶᠢᠨ ᠭᠡᠷᠡᠯᠴᠢ ᠴᠡᠨᠡᠭ ᠤᠨ ᠮᠠᠰᠢᠨ ᠤᠭᠰᠠᠷᠠᠭᠤᠯᠬᠤ ᠴᠢᠳᠠᠮᠵᠢ ᠨᠢ 7.66 ᠰᠠᠶ᠎ᠠ ᠸᠠᠲ ᠲᠤ ᠬᠦᠷᠴᠦ᠂ ᠵᠢᠯ ᠪᠦᠷᠢ ᠶᠢᠨ ᠴᠠᠭᠢᠯᠭᠠᠨ ᠭᠠᠷᠭᠠᠬᠤ ᠬᠡᠮᠵᠢᠶ᠎ᠡ ᠨᠢ 1100 ᠲᠦᠮᠡᠨ ᠺᠢᠯᠣᠸᠠᠲ ᠴᠠᠭ ᠲᠤ ᠬᠦᠷᠴᠦ᠂ ᠭᠠᠷᠠᠮ ᠤᠨ ᠪᠦᠭᠦ ᠵᠢᠯ ᠤᠨ ᠴᠠᠭᠢᠯᠭᠠᠨ ᠬᠡᠷᠡᠭᠯᠡᠬᠦ ᠬᠡᠮᠵᠢᠶ᠎ᠡ ᠶᠢᠨ 52% ᠢ ᠡᠵᠡᠯᠡᠵᠦ ᠪᠠᠶᠢᠨ᠎ᠠ᠂ ᠲᠣᠰ ᠲᠥᠷᠥᠯ ᠵᠦᠢᠯ ᠨᠢ ᠵᠢᠱᠢᠯᠲᠡ ᠪᠠᠷ ᠵᠢᠯ ᠪᠦᠷᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 9500 ᠢᠯᠡᠭᠦᠦ ᠲᠣᠨ ᠪᠠᠭᠠᠰᠬᠠᠵᠤ᠂ ᠪᠣᠬᠢᠷᠳᠤᠯ ᠦᠭᠡᠢ ᠭᠠᠷᠠᠮ ᠤᠨ ᠪᠦᠲᠦᠭᠡᠨ ᠪᠠᠶᠢᠭᠤᠯᠤᠯᠲᠠ ᠳᠤ ᠪᠦᠲᠦᠮᠵᠢᠲᠡᠶ ᠬᠦᠴᠦᠨ ᠨᠡᠮᠡᠷᠢᠯᠡᠬᠦ ᠪᠣᠯᠣᠨ᠎ᠠ︾ ᠭᠡᠵᠦ ᠤᠯᠤᠰ ᠤᠨ ᠴᠠᠭᠢᠯᠭᠠᠨ ᠲᠣᠣᠷ ᠤᠨ ᠴᠠᠩᠵᠸᠦ ᠶᠢᠨ ᠴᠠᠭᠢᠯᠭᠠᠨ ᠬᠠᠩᠭᠠᠬᠤ ᠺᠤᠮᠫᠠᠨᠢ ᠶᠢᠨ ᠡᠨᠧᠷᠭᠢ ᠶᠢᠨ ᠦᠢᠯᠡᠳᠦᠯ ᠤᠨ ᠦᠢᠯᠡᠴᠢᠯᠡᠭᠡᠨ ᠤ ᠮᠡᠷᠭᠡᠵᠢᠯ ᠤᠨ ᠲᠤᠰᠬᠠᠢ ᠲᠤᠰᠢᠶᠠᠯᠲᠠᠨ ᠰᠢᠦᠢ ᠢ ᠴᠤᠸᠠᠨ ᠬᠡᠯᠡᠪᠡ᠃      ᠣᠶᠢᠯᠠᠭᠠᠭᠰᠠᠨ ᠢᠶᠠᠷ᠂ ᠭᠠᠷᠠᠮ ᠳᠠᠬᠢ ᠨᠡᠭᠦᠷᠡᠰᠦ ᠬᠠᠶᠢᠷ ᠴᠢᠯᠠᠭᠤ ᠵᠡᠷᠭᠡ ᠵᠠᠳᠠᠭᠠᠢ ᠮᠠᠲ᠋ᠧᠷᠢᠶᠠᠯ ᠢ ᠣᠪᠣᠭᠠᠯᠠᠬᠤ ᠲᠠᠯᠠᠪᠠᠶ ᠨᠢ ᠠᠴᠢᠶᠠᠯᠠᠵᠤ ᠪᠠᠭᠤᠯᠭᠠᠬᠤ ᠪᠠ ᠲᠡᠭᠡᠭᠡᠪᠦᠷᠢᠯᠡᠬᠦ ᠶᠠᠪᠤᠴᠠ ᠳᠤ ᠠᠮᠠᠷᠬᠠᠨ ᠲᠣᠭᠤᠰᠣ ᠳᠡᠭᠳᠡᠵᠦ ᠬᠠᠶᠠᠭᠳᠠᠮᠠᠯ ᠬᠡᠢ ᠭᠠᠷᠳᠠᠭ᠃ ᠬᠥᠬᠡᠮᠥ᠋ᠷᠡᠨ ᠤ ᠰᠠᠪᠠ ᠭᠠᠵᠠᠷ ᠤᠨ ᠭᠠᠷᠠᠮ ᠳᠤ ᠬᠡᠢ ᠪᠦᠷᠬᠦᠭᠦᠯ ᠤᠨ ᠮᠡᠷᠭᠡᠵᠢᠯ ᠢᠶᠠᠷ ᠪᠦᠭᠦᠨ ᠢ ᠪᠢᠲᠡᠭᠦᠮᠵᠢᠯᠡᠨ ᠠᠵᠢᠯᠯᠠᠬᠤ ᠶᠢ ᠪᠡᠶᠡᠯᠡᠭᠦᠯᠦᠭᠰᠡᠨ ᠠᠩᠬᠠᠳᠠᠭᠴᠢ ᠲᠣᠮᠣ ᠭᠡᠯᠪᠡᠷᠢ ᠶᠢᠨ ᠮᠠᠲ᠋ᠧᠷᠢᠶᠠᠯ ᠤᠨ ᠬᠥᠮᠥᠷᠭᠡ ᠪᠣᠯᠤᠭᠰᠠᠨ ᠤ ᠬᠤᠪᠢ ᠳᠤ᠂ ᠲᠤᠰ ᠬᠡᠢ ᠪᠦᠷᠬᠦᠭᠦᠯ ᠤᠨ ᠬᠦᠯᠡᠮᠵᠢ ᠨᠢ ᠲᠣᠭᠤᠰᠣ ᠳᠡᠭᠳᠡᠬᠦ ᠠᠰᠠᠭᠤᠳᠠᠯ  ᠠᠴᠠ ᠪᠦᠲᠦᠮᠵᠢᠲᠡᠢ ᠵᠠᠶᠢᠯᠠᠰᠬᠢᠵᠦ ᠴᠢᠳᠠᠨ᠎ᠠ᠃ ᠡᠭᠦᠨ ᠤ ᠬᠠᠮᠲᠤ᠂ ᠬᠦᠯᠡᠮᠵᠢ ᠳᠣᠲᠣᠷᠠᠬᠢ ᠪᠣᠷᠣᠭᠠᠨ ᠤ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠲᠥᠬᠦᠭᠡᠷᠦᠮᠵᠢ ᠳᠤ ᠲᠦᠰᠢᠭᠯᠡᠨ᠂ ᠵᠢᠯ ᠪᠦᠷᠢ ᠪᠣᠬᠢᠷ ᠤᠰᠤᠨ ᠤ ᠭᠠᠳᠠᠭᠰᠢᠯᠠᠭᠤᠯᠤᠯᠲᠠ ᠶᠢ ᠪᠠᠷᠤᠭ 28 ᠲᠦᠮᠡᠨ ᠲᠣᠨ ᠪᠠᠭᠠᠰᠬᠠᠬᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号