ᠮᠠᠨ ᠤ ᠣᠷᠣᠨ ︽8 +15 + 21︾ ᠶᠢᠨ ᠶᠡᠷᠦᠩᠬᠡᠶᠢᠯᠡᠭᠰᠡᠨ ᠪᠠᠷᠠᠭᠠᠨ ᠤ ᠲᠡᠭᠡᠭᠡᠪᠦᠷᠢ ᠶᠢᠨ ᠬᠦᠢᠰᠦ ᠥᠷᠲᠡᠭᠡ ᠶᠢ ᠪᠦᠲᠦᠭᠡᠨ ᠪᠠᠶᠢᠭᠤᠯᠬᠤ ᠪᠠᠷ ᠪᠤᠢ
ᠨᠡᠶᠢᠲᠡᠯᠡᠭᠰᠡᠨ ᠴᠠᠭ᠄
2023/12/7
     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠨᠡᠶᠢᠲᠡᠯᠡᠭᠰᠡᠨ ︽ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠤᠨ ᠲᠥᠯᠦᠪᠵᠢᠭᠦᠯᠭᠡ︾  ᠶᠢ ᠦᠨᠳᠦᠰᠦᠯᠡᠪᠡᠯ᠂ ᠮᠠᠨ ᠤ ᠣᠷᠣᠨ ︽8 +15 + 21︾ ᠶᠢᠨ ᠶᠡᠷᠦᠩᠬᠡᠶᠢᠯᠡᠭᠰᠡᠨ ᠪᠠᠷᠠᠭᠠᠨ ᠤ ᠲᠡᠭᠡᠭᠡᠪᠦᠷᠢ ᠶᠢᠨ ᠬᠦᠢᠰᠦ ᠥᠷᠲᠡᠭᠡ ᠶᠢ ᠪᠦᠲᠦᠭᠡᠨ ᠪᠠᠶᠢᠭᠤᠯᠵᠤ᠂ ᠲᠥᠪᠯᠡᠷᠡᠭᠦᠯᠦᠨ ᠲᠠᠷᠬᠠᠭᠠᠵᠤ ᠲᠡᠭᠡᠭᠡᠪᠦᠷᠢᠯᠡᠬᠦ ᠰᠢᠰᠲ᠋ᠧᠮ ᠢ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ ᠪᠦᠬᠦᠯᠢ ᠴᠣᠭᠴᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠭᠦ ᠪᠣᠯᠣᠨ᠎ᠠ᠃      ᠭᠦᠭᠡᠬᠤᠲᠠ ᠪᠤᠭᠤᠲᠤ ᠣᠷᠳᠣᠰ ᠤᠯᠠᠭᠠᠨᠴᠠᠪ ᠤᠨ ᠪᠠᠷᠠᠭᠠᠨ ᠤ ᠲᠡᠭᠡᠭᠡᠪᠦᠷᠢ ᠶᠢᠨ ᠬᠦᠢᠰᠦ ᠶᠢᠨ ᠪᠦᠯᠦᠭᠵᠢᠯ  ᠳᠤ 8 ᠨᠢᠭᠡᠳᠦᠭᠡᠷ ᠲᠥᠷᠥᠯ ᠤᠨ ᠶᠡᠷᠦᠩᠬᠡᠶᠢᠯᠡᠭᠰᠡᠨ ᠪᠠᠷᠠᠭᠠᠨ ᠤ ᠲᠡᠭᠡᠭᠡᠪᠦᠷᠢ ᠶᠢᠨ ᠬᠦᠢᠰᠦ ᠶᠢ ᠪᠠᠶᠢᠷᠢᠰᠢᠭᠤᠯᠵᠤ᠂ ᠤᠯᠤᠰ ᠤᠨ ᠲᠡᠰ ᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠬᠤᠲᠠ ᠶᠢ ᠲᠤᠯᠭᠠᠭᠤᠷᠢᠯᠠᠭᠰᠠᠨ ᠣᠯᠠᠨ ᠤᠯᠤᠰ ᠤᠨ ᠪᠠ ᠪᠦᠭᠦ ᠤᠯᠤᠰ ᠤᠨ ᠴᠢᠨᠠᠷᠲᠠᠢ ᠡᠳ᠋ ᠪᠠᠷᠠᠭᠠᠨ ᠤ ᠭᠦᠢᠯᠭᠡᠭᠡ ᠶᠢᠨ ᠦᠢᠯᠡᠴᠢᠯᠡᠭᠡᠨ ᠤ ᠴᠢᠳᠠᠮᠵᠢ ᠶᠢ ᠪᠡᠶᠡᠯᠡᠭᠦᠯᠵᠦ᠂ ᠲᠡᠮᠦᠷ ᠤᠨ ᠬᠦᠳᠡᠷ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠴᠢᠬᠤᠯᠠ ᠲᠦᠭᠦᠬᠡᠢ ᠮᠠᠲ᠋ᠧᠷᠢᠶᠠᠯ᠂ ᠭᠠᠳᠠᠭᠠᠳᠤ ᠠᠷᠠᠯᠵᠢᠶᠠᠨ ᠤ ᠡᠳ᠋ ᠪᠠᠷᠠᠭ᠎ᠠ ᠮᠡᠲᠦ ᠶᠢᠨ ᠪᠠᠷᠠᠭᠠᠨ ᠤ ᠲᠡᠭᠡᠭᠡᠪᠦᠷᠢ ᠶᠢᠨ ᠳᠠᠮᠵᠢᠭᠤᠯᠬᠤ᠂ ᠲᠥᠪᠯᠡᠷᠡᠭᠦᠯᠵᠦ ᠲᠠᠷᠬᠠᠭᠠᠬᠤ᠂ ᠬᠤᠪᠢᠶᠠᠷᠢᠯᠠᠨ ᠰᠠᠯᠭᠠᠬᠤ᠂ ᠪᠤᠯᠪᠠᠰᠤᠷᠠᠭᠤᠯᠬᠤ᠂ ᠮᠡᠳᠡᠭᠡ ᠵᠠᠩᠭᠢ ᠶᠢᠨ ᠥᠷᠲᠡᠭ ᠢ ᠨᠡᠮᠡᠭᠳᠡᠭᠦᠯᠬᠦ ᠵᠡᠷᠭᠡ ᠡᠳ᠋ ᠪᠠᠷᠠᠭ᠎ᠠ ᠶᠢᠨ ᠭᠦᠢᠯᠭᠡᠭᠡᠨ ᠤ ᠴᠢᠳᠠᠮᠵᠢ ᠶᠢ ᠬᠠᠩᠭᠠᠨ᠎ᠠ; ᠪᠦᠭᠦ ᠤᠯᠤᠰ ᠤᠨ ᠴᠢᠨᠠᠷᠲᠠᠢ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠬᠤᠲᠠ᠂ ᠤᠯᠤᠰ ᠤᠨ ᠡᠳ᠋ ᠪᠠᠷᠠᠭ᠎ᠠ ᠶᠢᠨ ᠭᠦᠢᠯᠭᠡᠭᠡᠨ ᠤ ᠬᠦᠢᠰᠦ ᠬᠤᠲᠠ᠂ ᠬᠠᠭᠤᠷᠠᠢ ᠵᠠᠮ ᠤᠨ ᠬᠢᠯᠢ ᠶᠢᠨ ᠪᠣᠭᠤᠮᠲᠠ ᠶᠢᠨ ᠬᠦᠢᠰᠦ ᠳᠤ 15 ᠬᠤᠶᠠᠳᠤᠭᠠᠷ ᠲᠥᠷᠥᠯ ᠤᠨ ᠶᠡᠷᠦᠩᠬᠡᠶᠢᠯᠡᠭᠰᠡᠨ ᠪᠠᠷᠠᠭᠠᠨ ᠤ ᠲᠡᠭᠡᠭᠡᠪᠦᠷᠢ ᠶᠢᠨ ᠬᠦᠢᠰᠦ ᠶᠢ ᠪᠠᠶᠢᠭᠤᠯᠵᠤ᠂ ᠪᠦᠭᠦ ᠣᠷᠣᠨ ᠤ ᠬᠡᠪᠴᠢᠶᠡᠨ ᠳᠤ ᠨᠥᠯᠥᠭᠡᠯᠡᠬᠦ ᠬᠦᠴᠦᠨ ᠲᠠᠢ ᠶᠡᠷᠦᠩᠬᠡᠶᠢᠯᠡᠭᠰᠡᠨ ᠪᠠᠷᠠᠭᠠᠨ ᠤ ᠲᠡᠭᠡᠭᠡᠪᠦᠷᠢ ᠶᠢᠨ ᠬᠦᠢᠰᠦ ᠶᠢ ᠪᠤᠶ ᠪᠣᠯᠭᠠᠨ᠂ ᠣᠷᠣᠨ ᠪᠦᠰᠡ ᠶᠢᠨ ᠠᠵᠤ ᠦᠢᠯᠡᠰ ᠤᠨ ᠬᠡᠯᠬᠢᠶ᠎ᠡ᠂ ᠴᠢᠬᠤᠯᠠ ᠬᠢᠯᠢ ᠶᠢᠨ ᠪᠣᠭᠤᠮᠲᠠ ᠶᠢᠨ ᠡᠳ᠋ ᠪᠠᠷᠠᠭᠠᠨ ᠤ ᠭᠦᠢᠯᠭᠡᠭᠡ ᠶᠢᠨ ᠳᠠᠮᠵᠢᠭᠤᠯᠬᠤ ᠪᠠ ᠲᠥᠪᠯᠡᠷᠡᠭᠦᠯᠵᠦ ᠲᠠᠷᠬᠠᠭᠠᠬᠤ ᠬᠡᠷᠡᠭᠴᠡᠭᠡ ᠶᠢ ᠬᠠᠩᠭᠠᠨ᠎ᠠ; 21 ᠭᠤᠷᠪᠠᠳᠤᠭᠠᠷ ᠲᠥᠷᠥᠯ ᠤᠨ ᠶᠡᠷᠦᠩᠬᠡᠶᠢᠯᠡᠭᠰᠡᠨ ᠪᠠᠷᠠᠭᠠᠨ ᠤ ᠲᠡᠭᠡᠭᠡᠪᠦᠷᠢ ᠶᠢᠨ ᠬᠦᠢᠰᠦ ᠶᠢ ᠪᠦᠲᠦᠭᠡᠨ ᠪᠠᠶᠢᠭᠤᠯᠵᠤ᠂ ᠡᠩ ᠤᠨ ᠬᠢᠯᠢ ᠶᠢᠨ ᠪᠣᠭᠤᠮᠲᠠ ᠵᠢᠴᠢ ᠪᠠᠶᠢᠭ᠎ᠠ ᠬᠤᠲᠠ ᠶᠢᠨ ᠬᠢᠨᠢ ᠡᠷᠭᠢᠨ ᠲᠣᠭᠤᠷᠢᠨ ᠤ ᠪᠠᠷᠠᠭ᠎ᠠ ᠶᠢ ᠳᠠᠮᠵᠢᠭᠤᠯᠤᠨ ᠲᠡᠭᠡᠭᠡᠪᠦᠷᠢᠯᠡᠬᠦ᠂ ᠬᠤᠪᠢᠶᠠᠷᠢᠯᠠᠨ ᠰᠠᠯᠭᠠᠬᠤ᠂ ᠲᠣᠬᠢᠷᠠᠭᠤᠯᠤᠨ ᠬᠦᠷᠭᠡᠬᠦ ᠵᠡᠷᠭᠡ ᠡᠳ᠋ ᠪᠠᠷᠠᠭ᠎ᠠ ᠶᠢᠨ ᠭᠦᠢᠯᠭᠡᠭᠡᠨ ᠤ ᠠᠵᠢᠯᠯᠠᠭ᠎ᠠ ᠶᠢᠨ ᠬᠡᠷᠡᠭᠴᠡᠭᠡ ᠶᠢ ᠬᠠᠩᠭᠠᠬᠤ ᠪᠠᠷ ᠪᠤᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号