︽ᠬᠥᠬᠡᠬᠤᠲᠠ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠬᠠᠮᠢᠶᠠᠷᠤᠯᠲᠠ ᠶᠢᠨ ᠠᠷᠭ᠎ᠠ︾ ᠶᠢᠨ ᠲᠤᠬᠠᠢ ᠬᠠᠷᠠᠭᠤᠯ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠲᠥᠷᠥ ᠶᠢᠨ ᠪᠣᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/2/15
     ᠨᠢᠭᠡ᠂ ᠲᠥᠷᠥ ᠶᠢᠨ ᠪᠣᠳᠣᠯᠭ᠎ᠠ ᠶᠢᠨ ᠠᠬᠤᠢ ᠪᠠᠶᠢᠳᠠᠯ      ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ  ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠣᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠤ ᠠᠬᠤᠢ ᠶᠢ ᠯᠠᠪᠳᠠᠭᠤᠨ ᠲᠣᠭᠲᠠᠭᠤᠨ ᠪᠠᠶᠢᠯᠭᠠᠬᠤ ᠲᠤᠬᠠᠢ ᠲᠣᠭᠲᠠᠭᠠᠯ ᠶᠣᠰᠣᠭᠠᠷ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠡᠨᠬᠦ ᠪᠠᠲᠤᠯᠠᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ︽ᠪᠠᠲᠤᠯᠠᠪᠠᠰᠤ ᠵᠣᠬᠢᠬᠤ ᠶᠢ ᠨᠢ ᠴᠥᠮ ᠪᠠᠲᠤᠯᠠᠬᠤ︾᠂ ︽ᠠᠪᠤᠷᠠᠪᠠᠰᠤ ᠵᠣᠬᠢᠬᠤ ᠶᠢ ᠨᠢ ᠴᠥᠮ ᠠᠪᠤᠷᠠᠬᠤ︾ ᠶᠢ ᠪᠡᠶᠡᠯᠡᠭᠦᠯᠵᠦ᠂ ᠬᠢᠵᠠᠭᠠᠷ ᠲᠠᠢ ᠪᠡᠯᠡ ᠮᠥᠩᠭᠦ ᠶᠢ ᠦᠨᠡᠨᠬᠦ ᠬᠦᠴᠢᠷᠳᠡᠯᠲᠡᠢ ᠬᠠᠮᠲᠤᠯᠢᠭ ᠲᠤ ᠬᠡᠷᠡᠭᠯᠡᠵᠦ᠂ ᠨᠡᠶᠢᠭᠡᠮ ᠤᠨ ᠲᠥᠪ ᠭᠤᠣᠯᠴᠢ ᠪᠠᠶᠢᠬᠤ ᠶᠢ ᠠᠬᠢᠭᠤᠯᠤᠨ᠂ ᠡᠶ᠎ᠡ ᠵᠣᠬᠢᠴᠠᠯ ᠲᠠᠢ ᠨᠡᠶᠢᠭᠡᠮ ᠢ ᠬᠠᠮᠲᠤᠪᠠᠷ ᠴᠣᠭᠴᠠᠯᠠᠨ ᠪᠠᠶᠢᠭᠤᠯᠤᠨ᠎ᠠ᠃      ᠬᠤᠶᠠᠷ᠂ ᠲᠥᠷᠥ ᠶᠢᠨ ᠪᠣᠳᠣᠯᠭ᠎ᠠ ᠶᠢᠨ ᠭᠤᠣᠯ ᠠᠭᠤᠯᠭ᠎ᠠ᠂ ᠬᠡᠷᠡᠭᠯᠡᠬᠦ ᠡᠲᠡᠭᠡᠳ      ︵ᠨᠢᠭᠡ︶ ᠭᠤᠣᠯ ᠠᠭᠤᠯᠭ᠎ᠠ      ︽ᠬᠠᠮᠢᠶᠠᠷᠤᠯᠲᠠ ᠶᠢᠨ ᠠᠷᠭ᠎ᠠ︾ ᠨᠢ ᠨᠡᠶᠢᠲᠡ 7 ᠪᠦᠯᠦᠭ 50  ᠵᠣᠷᠪᠤᠰ ᠲᠠᠢ᠂ ᠭᠤᠣᠯ ᠠᠭᠤᠯᠭ᠎ᠠ ᠳᠤ᠄ ᠶᠡᠷᠦᠩᠬᠡᠢ ᠳᠦᠷᠢᠮ᠂ ᠬᠢᠷᠢ ᠬᠡᠮ ᠤᠨ ᠨᠥᠬᠦᠴᠡᠯ᠂ ᠭᠤᠶᠤᠴᠢᠯᠠᠯ ᠵᠢᠴᠢ ᠭᠥᠯᠢᠶᠡᠨ ᠠᠪᠴᠤ ᠰᠢᠢᠳᠪᠦᠷᠢᠯᠡᠬᠦ᠂ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠪᠠᠶᠢᠴᠠᠭᠠᠬᠤ᠂ ᠬᠢᠨᠠᠨ ᠬᠠᠷᠭᠤᠭᠤᠯᠵᠤ ᠨᠤᠲᠠᠯᠠᠬᠤ᠂ ᠬᠠᠮᠢᠶᠠᠷᠬᠤ ᠪᠠ ᠬᠢᠨᠠᠯᠲᠠ ᠲᠠᠯᠪᠢᠬᠤ᠂ ᠳᠠᠭᠠᠯᠳᠤᠭᠤᠯᠤᠭᠰᠠᠨ ᠳᠦᠷᠢᠮ ᠵᠡᠷᠭᠡ ᠪᠠᠭᠲᠠᠨ᠎ᠠ᠃      1.ᠨᠢᠭᠡᠳᠦᠭᠡᠷ ᠪᠦᠯᠦᠭ ᠲᠤ ︽ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠭᠰᠠᠨ ᠦᠨᠳᠦᠰᠦ ᠪᠠᠷᠢᠮᠲᠠ ᠶᠢ ᠳ᠋ᠦᠩᠨᠡᠵᠦ᠂ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠪᠠ᠃ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠢ ᠨᠤᠲᠠᠯᠠᠨ ᠲᠣᠭᠲᠠᠭᠠᠬᠤ ᠳᠤ ᠡᠷᠦᠬᠡ ᠠᠮᠠ ᠶᠢᠨ ᠲᠠᠩᠰᠠ᠂ ᠨᠠᠰᠤ ᠵᠢᠯ᠂ ᠵᠡᠮᠳᠡᠭ ᠤᠨ ᠪᠠᠶᠢᠳᠠᠯ᠂ ᠡᠪᠡᠳᠴᠢᠨ ᠡᠮᠭᠡᠭ᠂ ᠠᠰᠠᠷᠠᠨ ᠲᠡᠵᠢᠭᠡᠭᠴᠢ ᠶᠢᠨ ᠪᠠᠶᠢᠳᠠᠯ᠂ ᠭᠡᠷ ᠪᠦᠯᠢ ᠶᠢᠨ ᠣᠷᠣᠯᠭ᠎ᠠ ᠶᠢᠨ ᠪᠠᠶᠢᠳᠠᠯ᠂ ᠡᠳ᠋ ᠬᠥᠷᠥᠩᠭᠡ ᠶᠢᠨ ᠪᠠᠶᠢᠳᠠᠯ᠂ ᠵᠠᠶᠢᠯᠠᠰᠢ ᠦᠭᠡᠢ ᠵᠠᠷᠤᠯᠭ᠎ᠠ ᠵᠡᠷᠭᠡ ᠶᠡᠷᠦᠩᠬᠡᠶᠢᠯᠡᠭᠰᠡᠨ ᠬᠦᠴᠦᠨ ᠵᠦᠢᠯ ᠢ ᠦᠨᠳᠦᠰᠦᠯᠡᠨ ᠨᠤᠲᠠᠯᠠᠨ ᠲᠣᠭᠲᠠᠭᠠᠨ᠎ᠠ᠃      2.ᠬᠤᠶᠠᠳᠤᠭᠠᠷ ᠪᠦᠯᠦᠭ ᠪᠣᠯ ᠨᠠᠭᠠᠲᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠬᠤ ᠬᠢᠷᠢ ᠬᠡᠮ ᠤᠨ ᠨᠥᠬᠦᠴᠡᠯ ᠪᠣᠯᠣᠨ᠎ᠠ᠂ ᠡᠭᠦᠨ ᠳᠤ ᠨᠠᠭᠠᠲᠤ ᠵᠠᠬ᠎ᠠ ᠶᠢᠨ ᠪᠠᠲᠤᠯᠠᠭ᠎ᠠ ᠶᠢ ᠭᠥᠷᠳᠡᠬᠦ ᠡᠲᠡᠭᠡᠳ ᠤᠨ ᠬᠡᠷᠡᠭᠯᠡᠬᠦ ᠬᠡᠪᠴᠢᠶ᠎ᠡ ᠪᠣᠯ᠂ ᠭᠤᠶᠤᠴᠢᠯᠠᠭᠴᠢ ᠵᠢᠴᠢ ᠲᠡᠭᠦᠨ ᠤ ᠭᠡᠷ ᠪᠦᠯᠢ ᠶᠢᠨ ᠪᠦᠷᠢᠯᠳᠦᠭᠦᠨ ᠳᠤ ᠡᠷᠬᠡᠪᠰᠢ ᠬᠥᠬᠡᠬᠤᠲᠠ ᠶᠢᠨ ᠪᠠᠶᠢᠩᠭᠤ ᠰᠠᠭᠤᠭ᠎ᠠ ᠡᠷᠦᠬᠡ ᠠᠮᠠ ᠲᠠᠢ ᠪᠠᠶᠢᠵᠤ᠂ ᠭᠡᠷ ᠪᠦᠯᠢ ᠶᠢᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠨᠢ ᠬᠥᠬᠡᠬᠤᠲᠠ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ   ᠠᠴᠠ ᠳᠣᠣᠷ᠎ᠠ ᠪᠠᠶᠢᠬᠤ ᠬᠡᠷᠡᠭᠲᠡᠢ︔ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠨᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠮᠠᠭᠠᠳᠯᠠᠨ ᠲᠣᠭᠲᠠᠭᠠᠬᠤ ᠠᠷᠭ᠎ᠠ ᠶᠢᠨ ᠲᠣᠭᠲᠠᠭᠠᠯ ᠳᠤ ᠨᠡᠶᠢᠴᠡᠪᠡᠯ᠂ ᠬᠥᠬᠡᠬᠤᠲᠠ ᠶᠢᠨ ᠠᠮᠢᠳᠤᠷᠠᠯ ᠤᠨ ᠨᠠᠭᠠᠲᠤ ᠵᠠᠬ᠎ᠠ ᠵᠢᠨ‌ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠵᠣᠬᠢᠬᠤ ᠬᠡᠮᠵᠢᠶ᠎ᠡ ᠪᠠᠷ ᠥᠷᠭᠡᠳᠬᠡᠵᠦ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠲᠠᠬᠢ ᠭᠡᠷ ᠪᠦᠯᠢ ᠶᠢᠨ ᠬᠦᠨᠳᠦ ᠡᠪᠡᠳᠴᠢᠨ ᠲᠠᠢ ᠪᠠᠶᠢᠬᠤ ᠶᠢ ᠲᠣᠳᠣᠷᠬᠠᠶᠢᠯᠠᠵᠤ᠂ ᠬᠦᠨᠳᠦ ᠵᠡᠮᠳᠡᠭ ᠬᠥᠮᠥᠰ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠢ ᠲᠤᠰᠠᠭᠠᠷ ᠳᠤᠷᠠᠳᠴᠤ ᠪᠣᠯᠬᠤ ᠪᠥᠭᠡᠳ ︽ᠭᠠᠭᠴᠠ ᠬᠥᠮᠥᠨ ᠤ ᠡᠷᠦᠬᠡ︾ ᠪᠠᠷ ᠯᠠᠪᠯᠠᠯᠲᠠ ᠪᠣᠯᠭᠠᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠳᠤ ᠣᠷᠣᠭᠤᠯᠵᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠣᠯᠭᠤᠮᠵᠢ ᠶᠢ ᠪᠥᠬᠦ ᠲᠤᠭ᠎ᠠ ᠪᠠᠷ ᠬᠦᠷᠲᠡᠨ᠎ᠡ᠃      3.ᠭᠤᠷᠪᠠᠳᠤᠭᠠᠷ ᠪᠦᠯᠦᠭ ᠪᠣᠯ ᠭᠤᠶᠤᠴᠢᠯᠠᠬᠤ ᠪᠠ ᠭᠥᠯᠢᠶᠡᠨ ᠠᠪᠴᠤ ᠰᠢᠢᠳᠪᠦᠷᠢᠯᠡᠬᠦ ᠮᠦᠨ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠬᠤ ᠳᠤ ᠭᠡᠷ ᠪᠦᠯᠢ ᠪᠠᠷ ᠨᠢᠭᠡᠴᠢ ᠪᠣᠯᠭᠠᠵᠤ᠂ ᠭᠤᠶᠤᠴᠢᠯᠠᠯ ᠭᠠᠷᠭᠠᠭᠰᠠᠨ ᠭᠡᠷ ᠪᠦᠯᠢ ᠠᠴᠠ ᠬᠠᠮᠲᠤ ᠠᠮᠢᠳᠤᠷᠠᠵᠤ ᠪᠠᠶᠢᠭ᠎ᠠ ᠨᠢᠭᠡ ᠭᠡᠷ ᠪᠦᠯᠢ ᠶᠢᠨ ᠪᠦᠷᠢᠯᠳᠦᠭᠦᠨ ᠢ ᠭᠤᠶᠤᠴᠢᠯᠠᠭᠴᠢ ᠪᠠᠷ ᠲᠣᠭᠲᠠᠭᠠᠵᠤ᠂ ᠡᠷᠦᠬᠡ ᠠᠮᠠ ᠶᠢᠨ ᠪᠠᠶᠢᠭ᠎ᠠ ᠭᠠᠵᠠᠷ ᠤᠨ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠪᠢᠴᠢᠭ ᠢᠶᠠᠷ ᠭᠤᠶᠤᠴᠢᠯᠠᠯ ᠭᠠᠷᠭᠠᠨ᠎ᠠ᠃ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠬᠤ ᠳᠤ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ ᠢ ᠬᠠᠩᠭᠠᠬᠤ ᠬᠡᠷᠡᠭᠲᠡᠢ᠃ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠲᠤᠰᠢᠶᠠᠭᠰᠠᠨ ᠮᠠᠲ᠋ᠧᠷᠢᠶᠠᠯ ᠢ ᠬᠢᠨᠠᠨ ᠪᠠᠶᠢᠴᠠᠭᠠᠵᠤ᠂ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ ᠭᠥᠯᠢᠶᠡᠨ ᠠᠪᠴᠤ ᠰᠢᠢᠳᠪᠦᠷᠢᠯᠡᠨ᠎ᠡ᠃ᠮᠠᠲ᠋ᠧᠷᠢᠶᠠᠯ ᠨᠢ ᠪᠦᠷᠢᠨ ᠭᠦᠢᠴᠡᠳ ᠦᠭᠡᠢ ᠪᠠᠶᠢᠪᠠᠯ᠂ ᠪᠤᠢ ᠪᠦᠬᠦᠢ ᠲᠣᠭᠲᠠᠭᠠᠭᠰᠠᠨ ᠮᠠᠲ᠋ᠧᠷᠢᠶᠠᠯ ᠢ ᠨᠥᠬᠦᠵᠦ ᠭᠦᠢᠴᠡᠭᠡᠬᠦ ᠶᠢ ᠨᠢᠭᠡ ᠯᠡ ᠤᠳᠠᠭ᠎ᠠ ᠳᠤ ᠮᠡᠳᠡᠭᠳᠡᠬᠦ ᠬᠡᠷᠡᠭᠲᠡᠢ᠃ᠤᠯᠤᠰ ᠪᠤᠶᠤ ᠣᠷᠣᠨ ᠨᠤᠲᠤᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠳᠡᠮᠵᠢᠨ ᠣᠯᠣᠭᠰᠠᠨ ᠬᠠᠮᠢᠶ᠎ᠠ ᠪᠦᠬᠦᠢ ᠮᠠᠲ᠋ᠧᠷᠢᠶᠠᠯ ᠢ ᠪᠠᠶᠢᠴᠠᠭᠠᠨ ᠯᠠᠪᠯᠠᠵᠤ ᠪᠣᠯᠣᠨ᠎ᠠ᠂ ᠳᠠᠭᠢᠵᠤ ᠳᠠᠪᠬᠤᠷᠳᠠᠭᠤᠯᠤᠨ ᠲᠤᠰᠢᠶᠠᠬᠤ ᠶᠢ ᠱᠠᠭᠠᠷᠳᠠᠬᠤ ᠦᠭᠡᠢ᠃      4.ᠳᠥᠷᠪᠡᠳᠦᠭᠡᠷ ᠪᠦᠯᠦᠭ ᠪᠣᠯ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠤᠨ ᠲᠤᠬᠠᠢ ᠪᠠᠶᠢᠴᠠᠭᠠᠯᠲᠠ ᠬᠢᠵᠦ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠭᠰᠠᠨ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠤ ᠪᠦᠬᠦ ᠭᠡᠷ ᠪᠦᠯᠢ ᠶᠢᠨ ᠣᠷᠣᠯᠭ᠎ᠠ ᠪᠠ ᠭᠡᠷ ᠪᠦᠯᠢ ᠶᠢᠨ ᠡᠳ᠋ ᠬᠥᠷᠥᠩᠭᠡ ᠶᠢ ᠪᠠᠶᠢᠴᠠᠭᠠᠨ᠎ᠠ᠃ᠭᠡᠷ ᠪᠦᠯᠢ ᠶᠢᠨ ᠣᠷᠣᠯᠭ᠎ᠠ ᠶᠢ ᠭᠤᠶᠤᠴᠢᠯᠠᠭᠰᠠᠨ ᠭᠡᠷ ᠪᠦᠯᠢ ᠶᠢᠨ ᠪᠣᠳᠠᠲᠠᠢ ᠪᠠᠶᠢᠳᠠᠯ ᠢᠶᠠᠷ ᠪᠠᠷᠢᠮᠵᠢᠶ᠎ᠠ ᠪᠣᠯᠭᠠᠨ᠎ᠠ᠃ᠪᠣᠳᠠᠲᠠᠢ ᠣᠷᠣᠯᠭ᠎ᠠ ᠣᠯᠬᠤ ᠶᠢᠨ ᠠᠷᠭ᠎ᠠ ᠦᠭᠡᠢ ᠪᠠᠶᠢᠪᠠᠯ᠂ ᠬᠥᠳᠡᠯᠮᠦᠷᠢ ᠬᠦᠴᠦᠨ ᠤ ᠢᠯᠡᠳᠬᠡᠮᠵᠢ ᠶᠢᠨ ᠠᠷᠭ᠎ᠠ ᠪᠠᠷ ᠭᠡᠷ ᠪᠦᠯᠢ ᠶᠢᠨ ᠣᠷᠣᠯᠭ᠎ᠠ ᠶᠢ ᠪᠤᠳᠤᠨ᠎ᠠ᠃ᠭᠤᠶᠤᠴᠢᠯᠠᠭᠰᠠᠨ ᠭᠡᠷ ᠪᠦᠯᠢ ᠶᠢᠨ ᠪᠦᠷᠢᠯᠳᠦᠭᠦᠨ ᠤ ᠬᠥᠳᠡᠯᠮᠦᠷᠢ ᠬᠦᠴᠦᠨ ᠤ ᠢᠯᠡᠳᠬᠡᠮᠵᠢ ᠶᠢ ᠲᠣᠰ ᠬᠥᠮᠥᠨ ᠤ ᠨᠠᠰᠤ ᠵᠢᠯ᠂ ᠵᠡᠮᠳᠡᠭ ᠤᠨ ᠪᠠᠶᠢᠳᠠᠯ᠂ ᠤᠳᠠᠭᠠᠨ ᠴᠢᠨᠠᠷᠲᠠᠢ ᠡᠪᠡᠳᠴᠢᠨ ᠵᠢᠴᠢ ᠬᠦᠨᠳᠦ ᠣᠨᠴᠠ ᠶᠡᠭᠡ ᠡᠪᠡᠳᠴᠢᠨ ᠣᠯᠣᠭᠰᠠᠨ ᠪᠠᠶᠢᠳᠠᠯ ᠵᠡᠷᠭᠡ ᠬᠦᠴᠦᠨ ᠵᠦᠢᠯ ᠢ ᠦᠨᠳᠦᠰᠦᠯᠡᠨ ᠶᠡᠷᠦᠩᠬᠡᠶᠢᠯᠡᠨ ᠲᠣᠭᠲᠠᠭᠠᠨ᠎ᠠ᠃ᠠᠰᠠᠷᠠᠨ ᠲᠡᠵᠢᠭᠡᠬᠦ ᠬᠥᠮᠥᠨ ᠤ ᠠᠰᠠᠷᠠᠨ ᠲᠡᠵᠢᠭᠡᠬᠦ ᠵᠠᠷᠤᠳᠠᠯ ᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠤᠶᠤᠴᠢᠯᠠᠭᠰᠠᠳ ᠤᠨ ᠭᠡᠷ ᠪᠦᠯᠢ ᠶᠢᠨ ᠣᠷᠣᠯᠭ᠎ᠠ ᠳᠤ ᠪᠤᠳᠤᠵᠤ ᠣᠷᠣᠭᠤᠯᠬᠤ ᠶᠢ ᠲᠣᠳᠣᠷᠬᠠᠶᠢᠯᠠᠬᠤ ᠶᠢᠨ ᠬᠠᠮᠲᠤ ᠠᠰᠠᠷᠠᠨ ᠲᠡᠵᠢᠭᠡᠬᠦ ᠵᠠᠷᠤᠳᠠᠯ ᠢ ᠨᠠᠷᠢᠯᠢᠭᠵᠢᠭᠤᠯᠪᠠ᠃ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠤ ᠬᠦᠨᠳᠦ ᠡᠪᠡᠳᠴᠢᠨ ᠣᠯᠣᠭᠰᠠᠨ ᠠᠴᠠ ᠪᠣᠯᠵᠤ ᠨᠡᠮᠡᠭᠳᠡᠭᠰᠡᠨ ᠵᠠᠶᠢᠯᠠᠰᠢ ᠦᠭᠡᠢ ᠵᠠᠷᠤᠯᠭ᠎ᠠ ᠶᠢ ᠭᠡᠷ ᠪᠦᠯᠢ ᠶᠢᠨ ᠣᠷᠣᠯᠭ᠎ᠠ ᠶᠢ ᠲᠣᠭᠠᠴᠠᠭ᠎ᠠ ᠬᠢᠬᠦ ᠦᠶ᠎ᠡ ᠳᠤ ᠬᠠᠰᠤᠬᠤ ᠶᠢ ᠲᠣᠳᠣᠷᠬᠠᠶᠢᠯᠠᠬᠤ ᠬᠡᠷᠡᠭᠲᠡᠢ᠃      5. ᠲᠠᠪᠤᠳᠤᠭᠠᠷ ᠪᠦᠯᠦᠭ ᠪᠣᠯ ᠬᠢᠨᠠᠨ ᠬᠠᠷᠭᠤᠭᠤᠯᠵᠤ ᠨᠤᠲᠠᠯᠠᠨ ᠲᠣᠭᠲᠠᠭᠠᠨ᠎ᠠ᠂ ᠬᠢᠨᠠᠨ ᠬᠠᠷᠭᠤᠭᠤᠯᠵᠤ ᠨᠤᠲᠠᠯᠠᠨ ᠲᠣᠭᠲᠠᠭᠠᠬᠤ ᠴᠠᠭ ᠢ ᠪᠣᠭᠤᠨᠢᠰᠬᠠᠵᠤ᠂ ᠠᠷᠠᠳᠴᠢᠯᠠᠯ ᠢᠶᠠᠷ ᠦᠨᠡᠯᠡᠬᠦ ᠪᠠ ᠢᠯᠡ ᠨᠡᠶᠢᠲᠡᠯᠡᠬᠦ ᠭᠤᠭᠴᠤᠭ᠎ᠠ ᠶᠢᠨ ᠲᠠᠰ ᠳᠠᠷᠠᠭᠠᠯᠠᠯ ᠢ ᠳᠥᠭᠦᠮᠴᠢᠯᠡᠨ᠂ ᠠᠪᠤᠷᠠᠨ ᠲᠤᠰᠠᠯᠠᠭᠤᠯᠬᠤ ᠪᠠᠷ ᠭᠤᠶᠤᠴᠢᠯᠠᠭᠰᠠᠨ ᠮᠠᠷᠭᠤᠯᠳᠤᠭᠠᠨ ᠦᠭᠡᠢ ᠭᠡᠷ ᠪᠦᠯᠢ ᠳᠤ ᠠᠷᠠᠳᠴᠢᠯᠠᠯ ᠢᠶᠠᠷ ᠦᠨᠡᠯᠡᠨ ᠲᠣᠭᠲᠠᠭᠠᠯᠲᠠ ᠬᠢᠬᠦ ᠦᠭᠡᠢ ᠪᠠᠶᠢᠵᠤ ᠪᠣᠯᠣᠨ᠎ᠠ᠃ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠬᠠᠷᠭᠤᠭᠤᠯᠵᠤ ᠨᠤᠲᠠᠯᠠᠬᠤ ᠠᠵᠢᠯ ᠢ ᠭᠥᠯᠢᠶᠡᠨ ᠠᠪᠬᠤ ᠪᠠᠷ ᠭᠤᠶᠤᠴᠢᠯᠠᠭᠰᠠᠨ ᠡᠳᠦᠷ ᠠᠴᠠ ᠡᠬᠢᠯᠡᠨ 25 ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠵᠦ᠂ ᠣᠨᠴᠠᠭᠠᠢ ᠪᠠᠶᠢᠳᠠᠯ ᠤᠨ ᠳᠣᠣᠷ᠎ᠠ 40 ᠠᠵᠢᠯᠯᠠᠬᠤ ᠡᠳᠦᠷ ᠪᠣᠯᠲᠠᠯ᠎ᠠ ᠤᠷᠲᠤᠳᠬᠠᠵᠤ ᠪᠣᠯᠣᠨ᠎ᠠ᠃      6. ᠵᠢᠷᠭᠤᠳᠤᠭᠠᠷ ᠪᠦᠯᠦᠭ ᠪᠣᠯ ᠬᠠᠮᠢᠶᠠᠷᠬᠤ ᠪᠠ ᠬᠢᠨᠠᠯᠲᠠ ᠲᠠᠯᠪᠢᠨ᠎ᠠ᠂ ᠭᠡᠷ ᠪᠦᠯᠢ ᠶᠢᠨ ᠣᠷᠣᠯᠭ᠎ᠠ ᠶᠢ ᠬᠤᠶᠢᠰᠢᠯᠠᠭᠤᠯᠤᠨ ᠪᠤᠳᠤᠬᠤ ᠠᠷᠭ᠎ᠠ ᠶᠢ ᠲᠣᠳᠣᠷᠬᠠᠶᠢᠯᠠᠵᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ ᠤᠨ ᠳᠠᠬᠢᠨ ᠠᠵᠢᠯ ᠣᠯᠬᠤ᠂ ᠠᠮᠢᠳᠤᠯᠢᠭ ᠢᠶᠠᠷ ᠠᠵᠢᠯ ᠣᠯᠬᠤ᠂ ᠥᠪᠡᠰᠦᠪᠡᠨ ᠠᠵᠢᠯ ᠡᠷᠢᠬᠦ ᠪᠤᠶᠤ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠭᠰᠠᠨ   ᠠᠴᠠ ᠪᠣᠯᠵᠤ ᠭᠡᠷ ᠪᠦᠯᠢ ᠶᠢᠨ ᠣᠷᠣᠯᠭ᠎ᠠ ᠶᠢ ᠨᠡᠮᠡᠭᠳᠡᠭᠦᠯᠦᠭᠰᠡᠨ ᠮᠥᠷᠲᠡᠭᠡᠨ ᠪᠣᠳᠠᠲᠠᠢ ᠣᠷᠣᠯᠭ᠎ᠠ ᠪᠠᠨ ᠦᠨᠡᠨ ᠮᠥᠨ ᠢᠶᠠᠷ ᠨᠢ ᠮᠡᠳᠡᠭᠦᠯᠦᠭᠰᠡᠨ ᠪᠠᠶᠢᠪᠠᠯ᠂ ᠬᠤᠲᠠ ᠪᠠᠯᠭᠠᠰᠤ ᠶᠢᠨ ᠭᠡᠷ ᠪᠦᠯᠢ ᠶᠢᠨ ᠣᠷᠣᠯᠭ᠎ᠠ ᠶᠢ 3 ︱ 6 ᠰᠠᠷ᠎ᠠ ᠬᠤᠶᠢᠰᠢᠯᠠᠭᠤᠯᠤᠨ ᠪᠤᠳᠤᠨ᠎ᠠ᠃ᠭᠡᠷ ᠪᠦᠯᠢ ᠶᠢᠨ ᠣᠷᠣᠯᠭ᠎ᠠ ᠪᠠᠨ ᠵᠣᠷᠢᠭᠤᠳᠠ ᠨᠢᠭᠤᠨ ᠳᠠᠯᠳᠠᠯᠠᠵᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠠᠷᠠᠭᠠᠯᠵᠠᠯ ᠢ ᠮᠡᠬᠡᠯᠡᠨ ᠠᠪᠤᠭᠰᠠᠨ ᠪᠠᠶᠢᠪᠠᠯ᠂ 2 ᠵᠢᠯ ᠤᠨ ᠳᠣᠲᠣᠷ᠎ᠠ ᠨᠠᠭᠠᠲᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠵᠤ ᠪᠣᠯᠬᠤ ᠦᠭᠡᠢ ᠭᠡᠵᠦ ᠲᠣᠳᠣᠷᠬᠠᠢ ᠲᠣᠭᠲᠠᠭᠠᠵᠠᠢ᠃ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠲᠣᠳᠣᠷᠬᠠᠶᠢᠯᠠᠵᠤ᠂ ᠨᠡᠶᠢᠲᠡ ᠶᠢᠨ ᠰᠠᠨᠠᠭ᠎ᠠ ᠶᠢ ᠪᠠᠷᠢᠮᠲᠠᠯᠠᠭᠰᠠᠨ᠂ ᠲᠠᠰ ᠳᠠᠷᠠᠭᠠᠯᠠᠯ ᠨᠢ ᠪᠦᠷᠢᠨ ᠪᠦᠲᠦᠨ᠂ ᠪᠡᠶᠡᠴᠢ ᠵᠣᠷᠢᠭᠤᠳᠠ ᠪᠤᠰᠤ ᠪᠤᠶᠤ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠭᠰᠡᠨ ᠨᠢ ᠣᠨᠣᠪᠴᠢ ᠦᠭᠡᠢ ᠵᠢᠴᠢ ᠠᠪᠤᠷᠠᠨ ᠲᠤᠰᠠᠯᠠᠭᠤᠯᠤᠭᠴᠢ ᠨᠢ ᠵᠣᠷᠢᠭᠤᠳᠠ ᠨᠢᠭᠤᠨ ᠳᠠᠯᠳᠠᠯᠠᠭᠰᠠᠨ ᠵᠡᠷᠭᠡ ᠪᠤᠰᠤᠳᠴᠢ ᠰᠢᠯᠲᠠᠭᠠᠨ   ᠠᠴᠠ ᠪᠣᠯᠵᠤ ᠠᠯᠳᠠᠰᠢ ᠪᠤᠷᠤᠭᠤ ᠭᠠᠷᠤᠭᠰᠠᠨ ᠮᠥᠷᠲᠡᠭᠡᠨ ᠡᠭᠡᠭᠦᠯᠦᠨ ᠠᠪᠴᠢᠷᠠᠭᠰᠠᠨ ᠪᠤᠷᠤᠭᠤ ᠪᠡᠯᠡ ᠮᠥᠩᠭᠦ ᠶᠢ ᠴᠠᠭ ᠲᠤᠬᠠᠢ ᠳᠤᠨᠢ ᠵᠠᠯᠠᠷᠠᠭᠤᠯᠵᠤ ᠳᠡᠶᠢᠯᠬᠦ ᠭᠠᠷᠲᠠᠨ ᠭᠦᠢᠴᠡᠳᠭᠡᠭᠴᠢ ᠠᠴᠠ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠠᠴᠠ ᠬᠡᠯᠲᠦᠷᠢᠭᠦᠯᠵᠦ ᠪᠣᠯᠣᠨ᠎ᠠ᠃      ︵ᠬᠤᠶᠠᠷ︶ ᠬᠡᠷᠡᠭᠯᠡᠬᠦ ᠡᠲᠡᠬᠡᠳ      1.ᠠᠮᠢᠳᠤᠷᠠᠯ ᠤᠨ ᠢᠷᠡᠯᠲᠡ ᠦᠭᠡᠢ᠂ ᠬᠥᠳᠡᠯᠮᠦᠷᠢᠯᠡᠬᠦ ᠴᠢᠳᠠᠪᠤᠷᠢ ᠦᠭᠡᠢ᠂ ᠲᠣᠭᠲᠠᠭᠰᠠᠨ ᠠᠴᠢᠯᠠᠨ ᠲᠡᠵᠢᠭᠡᠭᠴᠢ ᠪᠤᠶᠤ ᠠᠰᠠᠷᠠᠨ ᠲᠡᠵᠢᠭᠡᠭᠴᠢ ᠦᠭᠡᠢ ᠰᠠᠭᠤᠭᠠᠯᠢ ᠠᠷᠠᠳ᠃ ᡽      2.ᠠᠵᠢᠯ ᠠᠯᠳᠠᠭᠰᠠᠳ ᠤᠨ ᠲᠡᠳᠬᠦᠮᠵᠢ ᠶᠢ ᠠᠪᠴᠤ ᠪᠠᠶᠢᠭ᠎ᠠ ᠬᠤᠭᠤᠴᠠᠭᠠᠨ ᠳᠤ ᠪᠤᠶᠤ ᠠᠵᠢᠯ ᠠᠯᠳᠠᠭᠰᠠᠳ ᠤᠨ ᠲᠡᠳᠬᠦᠮᠵᠢ ᠶᠢ ᠠᠪᠴᠤ ᠪᠠᠶᠢᠭ᠎ᠠ ᠬᠤᠭᠤᠴᠠᠭᠠᠨ ᠳᠤ ᠮᠥᠨ ᠯᠡ ᠰᠢᠨ᠎ᠡ ᠪᠠᠷ ᠠᠵᠢᠯ ᠣᠯᠵᠤ ᠴᠢᠳᠠᠭᠰᠠᠨ ᠦᠭᠡᠢ᠂ ᠭᠡᠷ ᠪᠦᠯᠢ ᠶᠢᠨ ᠣᠷᠣᠯᠭ᠎ᠠ ᠨᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠣᠷ᠎ᠠ᠃      3.ᠠᠵᠢᠯ ᠳᠤ ᠪᠠᠶᠢᠭ᠎ᠠ ᠬᠥᠮᠥᠰ ᠪᠠ ᠠᠵᠢᠯ ᠤᠨ ᠪᠠᠶᠢᠷᠢ ᠠᠴᠠ ᠪᠠᠨ ᠪᠠᠭᠤᠭᠰᠠᠨ ᠬᠥᠮᠥᠰ ᠴᠠᠯᠢᠩ ᠪᠤᠶᠤ ᠨᠠᠭᠠᠲᠤ ᠵᠠᠬ᠎ᠠ ᠶᠢᠨ ᠴᠠᠯᠢᠩ᠂ ᠦᠨᠳᠦᠰᠦᠨ ᠠᠮᠢᠳᠤᠷᠠᠯ ᠤᠨ ᠵᠠᠷᠤᠳᠠᠯ ᠢᠶᠠᠨ ᠠᠪᠤᠭᠰᠠᠨ ᠤ ᠲᠠᠷᠠᠭ᠎ᠠ ᠵᠢᠴᠢ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠥᠰ ᠠᠵᠢᠯ ᠠᠴᠠ ᠪᠠᠨ ᠪᠠᠭᠤᠵᠤ ᠠᠮᠠᠷᠠᠭᠰᠠᠨ ᠮᠥᠩᠭᠦ ᠪᠠᠨ ᠠᠪᠤᠭᠰᠠᠨ ᠤ ᠲᠠᠷᠠᠭ᠎ᠠ᠂ ᠲᠡᠳᠡᠨ ᠤ ᠭᠡᠷ ᠪᠦᠯᠢ ᠶᠢᠨ ᠣᠷᠣᠯᠭ᠎ᠠ ᠨᠢ ᠮᠥᠨ ᠯᠡ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠣᠷ᠎ᠠ ᠪᠠᠶᠢᠭ᠎ᠠ ᠰᠠᠭᠤᠭᠠᠯᠢ ᠠᠷᠠᠳ᠃      ᠭᠤᠷᠪᠠ᠂ ᠬᠤᠯᠪᠣᠭᠳᠠᠯ ᠪᠦᠬᠦᠢ ᠨᠡᠷ᠎ᠡ ᠦᠭᠡ ᠶᠢᠨ ᠲᠠᠶᠢᠯᠪᠤᠷᠢᠯᠠᠯᠲᠠ      ᠬᠤᠳᠠ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠄ ᠡᠨᠡ ᠪᠣᠯ ᠤᠯᠤᠰ ᠠᠴᠠ ᠬᠤᠳᠠ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠬᠦᠴᠢᠷᠳᠡᠯ ᠢ ᠰᠢᠢᠳᠪᠦᠷᠢᠯᠡᠬᠦ ᠶᠢᠨ ᠲᠥᠯᠥᠭᠡ ᠪᠠᠶᠢᠭᠤᠯᠤᠭᠰᠠᠨ ᠨᠢᠭᠡ ᠵᠦᠢᠯ ᠤᠨ ᠨᠡᠶᠢᠭᠡᠮ ᠤᠨ ᠲᠡᠳᠬᠦᠮᠵᠢ ᠶᠢᠨ ᠳᠦᠷᠢᠮ ᠮᠥᠨ᠂ ᠮᠠᠨ ᠤ ᠤᠯᠤᠰ ᠤᠨ ᠠᠵᠤ ᠠᠬᠤᠢ ᠶᠢᠨ ᠨᠥᠬᠦᠴᠡᠯ ᠳᠣᠣᠷᠠᠬᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠨᠢᠭᠡᠨ ᠴᠢᠬᠤᠯᠠ ᠠᠭᠤᠯᠭ᠎ᠠ ᠮᠥᠨ᠃
 
ᠢᠷᠡᠯᠲᠡ᠄ ᠦᠴᠦᠸᠠᠨ ᠰᠢᠶᠠᠨ ᠤ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号