ᠪᠥᠬᠦ ᠬᠤᠲᠠ ᠶᠢᠨ 52.9 ᠲᠦᠮᠡᠨ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠥᠮ ᠴᠠᠭ ᠲᠤᠬᠠᠢ ᠳᠤᠨᠢ ᠲᠤᠭ᠎ᠠ ᠶᠣᠰᠣᠭᠠᠷ ᠣᠯᠭᠤᠪᠠ
ᠨᠡᠶᠢᠲᠡᠯᠡᠭᠰᠡᠨ ᠴᠠᠭ᠄
2023/2/17
     ︵ᠰᠤᠷᠪᠤᠯᠵᠢᠯᠠᠭᠴᠢ ᠮᠢᠶᠣᠣ ᠴᠢᠩ︶ ᠰᠤᠷᠪᠤᠯᠵᠢᠯᠠᠭᠴᠢ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ᠣᠶᠢᠯᠠᠭᠠᠭᠰᠠᠨ ᠢᠶᠠᠷ ᠂ 2022 ᠣᠨ ᠳᠤ᠂ ᠪᠥᠬᠦ ᠬᠤᠲᠠ ᠶᠢᠨ 52.9 ᠲᠦᠮᠡᠨ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠣᠯᠭᠤᠵᠤ᠂ ᠪᠥᠬᠦ ᠬᠤᠲᠠ ᠶᠢᠨ 25.3 ᠲᠦᠮᠡᠨ ᠠᠵᠤ ᠠᠬᠤᠶᠢᠯᠠᠯ ᠤᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠬᠥᠮᠥᠨ᠂ 4.9 ᠲᠦᠮᠡᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠪᠠᠨ ᠠᠮᠠᠷᠠᠭᠰᠠᠨ ᠬᠥᠮᠥᠨ᠂ 22.7 ᠲᠦᠮᠡᠨ ᠬᠤᠲᠠ ᠬᠥᠳᠡᠭᠡ ᠶᠢᠨ ᠰᠠᠭᠤᠭᠠᠯᠢ ᠠᠷᠠᠳ ᠴᠥᠮ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠢᠶᠠᠨ ᠴᠠᠭ ᠲᠤᠬᠠᠢ ᠳᠠᠭᠠᠨ ᠲᠤᠭ᠎ᠠ ᠶᠣᠰᠣᠭᠠᠷ ᠣᠯᠪᠠ᠃      ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠨᠢᠭᠡᠳᠦᠯᠲᠡᠢ ᠬᠤᠷᠢᠶᠠᠵᠤ ᠨᠢᠭᠡᠳᠦᠯᠲᠡᠢ ᠲᠥᠯᠥᠬᠦ ᠱᠠᠭᠠᠷᠳᠠᠯᠭ᠎ᠠ ᠶᠣᠰᠣᠭᠠᠷ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠪᠥᠬᠦ ᠬᠤᠲᠠ ᠶᠢᠨ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠬᠥᠮᠥᠰ ᠤᠨ ᠳᠠᠷᠠᠭ᠎ᠠ ᠰᠠᠷ᠎ᠠ ᠶᠢᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠭᠤᠶᠤᠴᠢᠯᠠᠬᠤ ᠲᠥᠯᠥᠪᠯᠡᠭᠡ ᠶᠢᠨ ᠬᠦᠰᠦᠨᠦᠭᠲᠦ ᠶᠢ ᠨᠢᠭᠡ ᠰᠠᠷ᠎ᠠ ᠶᠢᠨ ᠡᠮᠦᠨ᠎ᠡ ᠠᠴᠠ ᠬᠤᠷᠢᠶᠠᠩᠭᠤᠶᠢᠯᠠᠨ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢ ᠰᠠᠯᠭᠠᠨ ᠥᠭᠬᠦ ᠶᠢ ᠮᠡᠳᠡᠭᠦᠯᠦᠨ ᠭᠤᠶᠤᠴᠢᠯᠠᠵᠤ᠂ ᠰᠠᠭᠤᠷᠢ ᠮᠥᠩᠭᠦ ᠪᠦᠬᠦᠨ ᠢᠶᠠᠷ ᠢᠶᠠᠨ ᠪᠠᠭᠤᠵᠤ ᠢᠷᠡᠭᠰᠡᠨ ᠤ ᠳᠠᠷᠠᠭ᠎ᠠ᠂ ᠪᠥᠬᠦ ᠬᠤᠲᠠ ᠶᠢᠨ ᠡᠯ᠎ᠡ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢ ᠰᠢᠮᠳᠠᠭᠤᠯᠤᠨ ᠠᠵᠢᠯ ᠠᠴᠠ ᠪᠠᠨ ᠠᠮᠠᠷᠠᠭᠰᠠᠨ ᠬᠥᠮᠥᠰ ᠲᠤ ᠣᠯᠭᠤᠬᠤ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠪᠡᠯᠡᠳᠬᠡᠵᠦ᠂ ᠨᠡᠶᠢᠭᠡᠮ ᠤᠨ ᠪᠠᠲᠤᠯᠠᠭ᠎ᠠ ᠪᠠ ᠪᠠᠩᠭᠢ ᠶᠢᠨ ᠬᠤᠯᠪᠤᠭ᠎ᠠ ᠰᠦᠯᠵᠢᠶ᠎ᠡ ᠪᠠᠷ ᠳᠠᠮᠵᠢᠭᠤᠯᠤᠨ ᠡᠯ᠎ᠡ ᠣᠷᠣᠯᠠᠨ ᠲᠠᠷᠬᠠᠭᠠᠬᠤ ᠬᠤᠳᠠᠯᠳᠤᠭᠠᠨ ᠤ ᠪᠠᠩᠬᠢ ᠲᠠᠢ ᠵᠣᠯᠭᠠᠭᠤᠯᠵᠤ ᠣᠨᠣᠪᠴᠢᠲᠠᠢ ᠲᠠᠷᠬᠠᠭᠠᠪᠠ᠃      ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠬᠤᠲᠠ ᠶᠢᠨ ᠲᠤᠰ ᠱᠠᠲᠤᠨ ᠤ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠪᠠᠨ ᠠᠮᠠᠷᠠᠭᠰᠠᠳ ᠤᠨ ᠨᠢᠭᠡᠳᠦᠯᠲᠡᠢ ᠲᠥᠯᠥᠪᠯᠡᠬᠦ ᠲᠥᠰᠥᠯ ᠤᠨ ᠳᠣᠲᠣᠷᠠᠬᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠲᠠᠷᠬᠠᠭᠠᠬᠤ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠬᠠᠮᠲᠤ᠂ ᠪᠥᠬᠦ ᠬᠤᠲᠠ ᠶᠢᠨ ᠡᠯ᠎ᠡ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠰᠠᠷ᠎ᠠ ᠶᠢᠨ ᠲᠣᠬᠢᠷᠠᠭᠤᠯᠤᠯᠲᠠ ᠶᠢᠨ ᠠᠵᠢᠯ ᠤᠨ ᠳᠦᠷᠢᠮ ᠢ ᠬᠡᠷᠡᠭᠵᠢᠭᠦᠯᠵᠦ᠂ ᠡᠯ᠎ᠡ ᠬᠤᠰᠢᠭᠤ ᠰᠢᠶᠠᠨ ᠲᠣᠭᠤᠷᠢᠭ ᠢ ᠲᠤᠬᠠᠢ ᠶᠢᠨ ᠭᠠᠵᠠᠷ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠥᠰᠥᠪ ᠤᠨ ᠵᠣᠭᠤᠰ ᠭᠤᠶᠤᠴᠢᠯᠠᠭᠰᠠᠨ ᠪᠠᠶᠢᠳᠠᠯ᠂ ᠪᠡᠯᠡ ᠮᠥᠩᠭᠦ ᠶᠢ ᠪᠠᠭᠤᠯᠭᠠᠭᠰᠠᠨ ᠪᠠᠶᠢᠳᠠᠯ ᠢᠶᠠᠨ ᠮᠡᠳᠡᠭᠦᠯᠦᠨ ᠬᠦᠷᠭᠡᠬᠦ ᠶᠢ ᠱᠠᠭᠠᠷᠳᠠᠵᠤ᠂ ᠪᠥᠬᠦ ᠬᠤᠲᠠ ᠶᠢᠨ ᠡᠯ᠎ᠡ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠪᠡᠯᠡ ᠮᠥᠩᠭᠦ ᠶᠢ ᠪᠠᠭᠤᠯᠭᠠᠭᠰᠠᠨ ᠤ ᠳᠠᠷᠠᠭ᠎ᠠ᠂ ᠨᠡᠶᠢᠭᠡᠮ ᠤᠨ ᠪᠠᠲᠤᠯᠠᠭ᠎ᠠ ᠪᠠ ᠪᠠᠩᠭᠢ ᠶᠢᠨ ᠬᠤᠯᠪᠤᠭ᠎ᠠ ᠰᠦᠯᠵᠢᠶ᠎ᠡ ᠶᠢᠨ ᠰᠢᠰᠲ᠋ᠧᠮ ᠢᠶᠠᠷ ᠳᠠᠮᠵᠢᠭᠤᠯᠤᠨ ᠡᠯ᠎ᠡ ᠣᠷᠣᠯᠠᠨ ᠲᠠᠷᠬᠠᠭᠠᠬᠤ ᠪᠠᠩᠬᠢ ᠲᠠᠢ ᠵᠣᠯᠭᠠᠭᠤᠯᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠢ ᠳᠠᠭᠠᠨ ᠲᠠᠷᠬᠠᠭᠠᠬᠤ ᠶᠢ ᠢᠳᠡᠪᠬᠢᠲᠡᠢ ᠰᠢᠮᠳᠠᠭᠤᠯᠪᠠ᠃      ᠪᠥᠬᠦ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠠᠷᠠᠭᠠᠯᠵᠠᠯ ᠬᠦᠷᠲᠡᠵᠦ ᠪᠠᠶᠢᠭ᠎ᠠ ᠬᠥᠮᠥᠰ ᠲᠤ ᠨᠠᠰᠤᠵᠢᠯ ᠤᠨ ᠠᠰᠠᠷᠠᠮᠵᠢ ᠶᠢᠨ ᠮᠥᠩᠭᠦ ᠣᠯᠭᠤᠬᠤ ᠳᠤ ᠴᠢᠭᠯᠡᠭᠦᠯᠦᠨ᠂ ᠬᠠᠷᠠᠭᠠᠯᠵᠠᠯ ᠣᠯᠭᠤᠬᠤ ᠠᠵᠢᠯ ᠢ ᠪᠥᠬᠦ ᠬᠤᠲᠠ ᠶᠢᠨ 9 ᠬᠤᠰᠢᠭᠤ ᠰᠢᠶᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠡᠭᠦᠷᠭᠡᠯᠡᠵᠦ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢᠳᠡᠪᠬᠢᠲᠡᠢ ᠪᠦᠲᠦᠮᠵᠢᠲᠡᠶ ᠠᠷᠭ᠎ᠠ ᠮᠠᠶ᠋ᠢᠭ ᠢ ᠠᠪᠴᠤ ᠡᠯ᠎ᠡ ᠬᠤᠰᠢᠭᠤ ᠰᠢᠶᠠᠨ ᠲᠣᠭᠤᠷᠢᠭ ᠢ ᠴᠠᠭ ᠲᠤᠬᠠᠢ ᠳᠤᠨᠢ ᠲᠤᠬᠠᠢ ᠶᠢᠨ ᠭᠠᠵᠠᠷ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠷᠢᠯᠴᠠᠵᠤ ᠵᠣᠭᠤᠰ ᠭᠤᠶᠤᠴᠢᠯᠠᠬᠤ᠂ ᠲᠠᠷᠬᠠᠭᠠᠬᠤ ᠮᠡᠳᠡᠭᠡ ᠵᠠᠩᠭᠢ ᠪᠢᠴᠢᠬᠦ᠂ ᠣᠷᠣᠯᠠᠨ ᠲᠠᠷᠬᠠᠭᠠᠬᠤ ᠪᠠᠩᠬᠢ ᠲᠠᠢ ᠵᠣᠯᠭᠠᠭᠤᠯᠬᠤ ᠶᠢ ᠰᠢᠮᠳᠠᠭᠤᠯᠪᠠ᠃ ᠡᠯ᠎ᠡ ᠬᠤᠰᠢᠭᠤ ᠰᠢᠶᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠴᠥᠮ ᠢᠳᠡᠪᠬᠢᠲᠡᠢ ᠪᠠᠷ ᠵᠣᠭᠤᠰ ᠭᠤᠶᠤᠴᠢᠯᠠᠵᠤ᠂ ᠲᠠᠷᠬᠠᠭᠠᠨ ᠥᠭᠬᠦ ᠡᠯ᠎ᠡ ᠵᠠᠩᠭᠢᠯᠠᠭ᠎ᠠ ᠶᠢᠨ ᠠᠵᠢᠯ ᠢ ᠨᠠᠷᠢᠨ ᠨᠢᠮᠪᠠᠢ ᠨᠠᠶᠢᠳᠠᠪᠤᠷᠢᠵᠢᠭᠤᠯᠤᠨ᠂ ᠲᠠᠷᠬᠠᠭᠠᠨ ᠥᠭᠬᠦ ᠡᠯ᠎ᠡ ᠵᠠᠩᠭᠢᠯᠠᠭ᠎ᠠ ᠶᠢᠨ ᠠᠵᠢᠯ ᠤᠨ ᠪᠠᠶᠢᠳᠠᠯ ᠢᠶᠠᠨ ᠰᠠᠷ᠎ᠠ ᠪᠦᠷᠢ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠮᠡᠳᠡᠭᠦᠯᠪᠡ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号