︽ᠬᠥᠬᠡᠬᠤᠲᠠ ᠶᠢᠨ ᠣᠷᠣᠨ ᠰᠠᠭᠤᠴᠠ ᠶᠢᠨ ᠬᠤᠷᠢᠶᠠᠯᠠᠯ ᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠶᠢ ᠳᠡᠮᠵᠢᠬᠦ ᠬᠤᠯᠪᠣᠭᠳᠠᠯ ᠪᠦᠬᠦᠢ ᠠᠷᠭ᠎ᠠ ᠬᠡᠮᠵᠢᠶ᠎ᠡ︾ ᠶᠢ ᠨᠡᠶᠢᠲᠡᠯᠡᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2023/2/17
     ︵ᠰᠤᠷᠪᠤᠯᠵᠢᠯᠠᠭᠴᠢ ᠰᠥᠩ ᠰᠢᠶᠠᠩ ᠬᠤᠸᠠ︶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠲᠦᠷᠦᠭᠦᠬᠡᠨ᠂ ᠲᠣᠰ ᠲᠣᠪᠴᠢᠶ᠎ᠠ ᠶᠢᠨ ᠲᠤᠭᠤᠷᠪᠢᠭᠰᠠᠨ ︽ᠬᠥᠬᠡᠬᠤᠲᠠ ᠶᠢᠨ ᠣᠷᠣᠨ ᠰᠠᠭᠤᠴᠠ ᠶᠢᠨ ᠬᠤᠷᠢᠶᠠᠯᠠᠯ ᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠶᠢ ᠳᠡᠮᠵᠢᠬᠦ ᠬᠤᠯᠪᠣᠭᠳᠠᠯ ᠪᠦᠬᠦᠢ ᠠᠷᠭ᠎ᠠ ᠬᠡᠮᠵᠢᠶ᠎ᠡ︾ ᠶᠢ ᠬᠤᠲᠠ ᠶᠢᠨ ᠵᠠᠰᠠᠭ ᠤᠨ ᠣᠷᠳᠣᠨ ᠠᠴᠠ ᠳᠠᠷᠤᠮᠠᠯᠯᠠᠨ ᠲᠠᠷᠬᠠᠭᠠᠵᠤ ᠨᠡᠶᠢᠲᠡᠯᠡᠨ ᠬᠡᠷᠡᠭᠵᠢᠭᠦᠯᠪᠡ᠃      ᠲᠣᠰ ᠠᠷᠭ᠎ᠠ ᠬᠡᠮᠵᠢᠶ᠎ᠡ ᠶᠢᠨ ᠭᠤᠣᠯ ᠠᠭᠤᠯᠭ᠎ᠠ ᠨᠢ᠄ ᠨᠢᠭᠡ ᠳᠤ ᠣᠷᠣᠨ ᠰᠠᠭᠤᠴᠠ ᠶᠢᠨ ᠬᠤᠷᠢᠶᠠᠯᠠᠯ ᠢ ᠪᠠᠶᠢᠭᠤᠯᠤᠭᠰᠠᠨ ᠤ ᠳᠠᠷᠠᠭ᠎ᠠ ᠡᠷᠬᠡᠪᠰᠢ ᠬᠠᠮᠢᠶ᠎ᠠ ᠪᠦᠬᠦᠢ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠢᠵᠢ ᠪᠦᠷᠢᠳᠦᠭᠦᠯᠦᠭᠰᠡᠨ ᠭᠡᠷ ᠪᠠᠶᠢᠰᠢᠩ ᠢ ᠦᠨ᠎ᠡ ᠲᠥᠯᠥᠪᠦᠷᠢ ᠦᠭᠡᠢ ᠪᠠᠷ ᠰᠢᠯᠵᠢᠭᠦᠯᠦᠨ ᠲᠤᠰᠢᠶᠠᠵᠤ ᠂ ᠪᠠᠷᠢᠯᠭ᠎ᠠ ᠶᠢᠨ ᠲᠠᠯᠠᠪᠠᠶ ᠶᠢ ᠭᠠᠵᠠᠷ ᠤᠨ ᠪᠠᠭᠲᠠᠭᠠᠮᠵᠢ ᠶᠢᠨ ᠨᠣᠷᠮ᠎ᠠ ᠳᠤ ᠪᠤᠳᠤᠵᠤ ᠣᠷᠣᠭᠤᠯᠵᠤ ᠪᠣᠯᠬᠤ ᠦᠭᠡᠢ ︵ᠱᠠᠭᠠᠷᠳᠠᠯᠭ᠎ᠠ ᠶᠣᠰᠣᠭᠠᠷ ᠲᠣᠬᠢᠷᠠᠭᠤᠯᠤᠨ ᠪᠠᠶᠢᠭᠤᠯᠤᠭᠰᠠᠨ ᠬᠡᠦᠬᠡᠳ ᠤᠨ ᠴᠡᠴᠡᠷᠯᠢᠭ᠂ ᠨᠠᠰᠤᠲᠠᠶᠢᠴᠤᠳ ᠤᠨ ᠡᠳᠦᠷ ᠲᠤᠲᠤᠮ ᠤᠨ ᠠᠰᠠᠷᠠᠨ ᠬᠠᠷᠠᠭᠠᠯᠵᠠᠬᠤ ᠳᠤ ᠬᠡᠷᠡᠭᠯᠡᠬᠦ ᠭᠡᠷ ᠪᠠᠶᠢᠰᠢᠩ᠂ ᠨᠡᠶᠢᠭᠡᠮ ᠲᠣᠭᠤᠷᠢᠭ ᠤᠨ ᠬᠡᠷᠡᠭᠯᠡᠬᠦ ᠭᠡᠷ ᠪᠠᠶᠢᠰᠢᠩ᠂ ᠬᠤᠭ ᠨᠣᠪᠰᠢ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ ᠵᠡᠷᠭᠡ ᠪᠠᠭᠲᠠᠨ᠎ᠠ︶︔ ᠬᠤᠶᠠᠷ ᠲᠤ ᠣᠷᠣᠨ ᠰᠠᠭᠤᠴᠠ ᠶᠢᠨ ᠬᠤᠷᠢᠶᠠᠯᠠᠯ ᠤᠨ ᠳᠣᠲᠣᠷᠠᠬᠢ ᠣᠷᠣᠨ ᠪᠦᠰᠡ ᠶᠢᠨ ᠴᠢᠨᠠᠷᠲᠠᠢ ᠡᠵᠡᠩᠨᠡᠯᠲᠡ ᠶᠢᠨ ᠪᠤᠰᠤ ᠣᠯᠠᠨ ᠨᠡᠶᠢᠲᠡ ᠶᠢᠨ ᠦᠢᠯᠡᠴᠢᠯᠡᠭᠡᠨ ᠳᠤ ᠬᠠᠷᠢᠶᠠᠯᠠᠭᠳᠠᠬᠤ ᠢᠵᠢ ᠪᠦᠷᠢᠳᠦᠭᠦᠯᠬᠦ ᠭᠡᠷ ᠪᠠᠶᠢᠰᠢᠩ᠂ ᠪᠠᠷᠢᠯᠭ᠎ᠠ ᠶᠢᠨ ᠲᠠᠯᠠᠪᠠᠶ ᠶᠢ ᠭᠠᠵᠠᠷ ᠤᠨ ᠪᠠᠭᠲᠠᠭᠠᠮᠵᠢ ᠶᠢᠨ ᠨᠣᠷᠮ᠎ᠠ ᠳᠤ ᠪᠤᠳᠤᠵᠤ ᠣᠷᠣᠭᠤᠯᠵᠤ ᠪᠣᠯᠬᠤ ᠦᠭᠡᠢ ︵ᠱᠠᠭᠠᠷᠳᠠᠯᠭ᠎ᠠ ᠶᠣᠰᠣᠭᠠᠷ ᠲᠣᠬᠢᠷᠠᠭᠤᠯᠤᠨ ᠪᠠᠶᠢᠭᠤᠯᠤᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠭᠡᠷ ᠪᠠᠶᠢᠰᠢᠩ᠂ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠲᠡᠭᠡ᠂ ᠢᠯᠴᠢ ᠰᠣᠯᠢᠬᠤ ᠥᠷᠲᠡᠭᠡ ᠵᠡᠷᠭᠡ ᠪᠠᠭᠲᠠᠨ᠎ᠠ︶︔ ᠭᠤᠷᠪᠠ ᠳᠤ ᠣᠷᠣᠨ ᠰᠠᠭᠤᠴᠠ ᠶᠢᠨ ᠬᠤᠷᠢᠶᠠᠯᠠᠯ ᠤᠨ ᠳᠣᠲᠣᠷ᠎ᠠ ᠢᠵᠢ ᠪᠦᠷᠢᠳᠦᠭᠦᠯᠦᠨ ᠪᠠᠶᠢᠭᠤᠯᠤᠭᠰᠠᠨ ᠬᠡᠷᠡᠭᠯᠡᠭᠡᠨ ᠤ ᠭᠡᠷ ᠪᠠᠶᠢᠰᠢᠩ ᠤᠨ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠢᠵᠢ ᠪᠦᠷᠢᠳᠦᠭᠦᠯᠬᠦ ᠵᠠᠷᠤᠳᠠᠯ ᠢ ᠬᠠᠰᠤᠵᠤ ᠬᠡᠯᠲᠦᠷᠢᠭᠦᠯᠬᠦ ᠬᠡᠪᠴᠢᠶ᠎ᠡ ᠶᠢ ᠲᠣᠳᠣᠷᠬᠠᠶᠢᠯᠠᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号