ᠳᠡᠭᠡᠷ᠎ᠡ ᠲᠣᠬᠤᠢ ᠰᠢᠶᠠᠩ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠪᠠᠶᠢᠩᠭᠤᠵᠢᠭᠤᠯᠤᠨ ᠥᠷᠨᠢᠭᠦᠯᠬᠦ ᠶᠢ ᠪᠦᠬᠦ ᠲᠠᠯ᠎ᠠ ᠪᠠᠷ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ
ᠨᠡᠶᠢᠲᠡᠯᠡᠭᠰᠡᠨ ᠴᠠᠭ᠄
2023/2/17
     ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠳᠦᠷᠢᠮ ᠤᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ᠂ ᠰᠣᠶᠣᠯ ᠤᠨ ᠳᠠᠪᠠᠭᠤᠯᠢᠭ ᠪᠠ ᠣᠯᠠᠨ ᠲᠦᠮᠡᠨ ᠤ ᠳᠠᠪᠠᠭᠤᠯᠢᠭ ᠢ ᠤᠯᠠᠮ ᠴᠢᠨᠠᠭᠰᠢᠳᠠ ᠪᠠᠳᠠᠷᠠᠭᠤᠯᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠠᠶᠢᠵᠢᠷᠠᠭᠤᠯᠵᠤ᠂ ᠪᠣᠯᠪᠠᠰᠤᠨ ᠡᠷᠡᠭᠦᠯ᠂ ᠪᠣᠬᠢᠷᠳᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠲᠦᠷᠭᠡᠳᠬᠡᠨ ᠪᠣᠶ ᠪᠣᠯᠭᠠᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠪᠠᠶᠢᠩᠭᠤᠵᠢᠭᠤᠯᠤᠨ ᠥᠷᠨᠢᠭᠦᠯᠬᠦ ᠶᠢ ᠠᠬᠢᠭᠤᠯᠤᠨ᠂ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠵᠤ᠂ ᠪᠠᠶᠢᠩᠭᠤᠵᠢᠭᠤᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠦᠴᠦᠨ ᠨᠡᠮᠡᠷᠢᠯᠡᠵᠦ᠂ ᠠᠷᠠᠳ ᠣᠯᠠᠨ ᠤ ᠡᠷᠡᠭᠦᠯ ᠮᠡᠨᠳᠦ ᠶᠢ ᠦᠨᠡᠨᠬᠦ ᠪᠦᠲᠦᠮᠵᠢᠲᠡᠶ ᠪᠠᠲᠤᠯᠠᠬᠤ ᠶᠢᠨ ᠲᠤᠰᠠᠲᠠ᠂ ᠣᠨᠴᠠᠭᠠᠶᠢᠯᠠᠨ ᠲᠣᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃      ᠨᠢᠭᠡ᠂ ᠠᠵᠢᠯ ᠤᠨ ᠬᠠᠷᠠᠯᠲᠠ      ᠤᠬᠠᠭᠤᠯᠤᠨ ᠳᠠᠶᠢᠴᠢᠯᠠᠬᠤ᠂ ᠡᠷᠡᠭᠦᠯ ᠮᠡᠨᠳᠦ ᠶᠢᠨ ᠬᠥᠮᠦᠵᠢᠯ ᠬᠢᠬᠦ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠵᠡᠷᠭᠡ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠪᠠᠷ ᠳᠠᠮᠵᠢᠭᠤᠯᠤᠨ᠂ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠡᠷᠡᠭᠦᠯ ᠬᠠᠮᠠᠭᠠᠯᠠᠯ ᠢ ᠡᠷᠬᠢᠮᠯᠡᠬᠦ᠂ ᠪᠣᠯᠪᠠᠰᠤᠨ ᠢ ᠡᠷᠬᠢᠮᠯᠡᠬᠦ᠂ ᠡᠷᠡᠭᠦᠯ ᠮᠡᠨᠳᠦ ᠶᠢ ᠡᠷᠬᠢᠮᠯᠡᠬᠦ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠪᠠ ᠵᠠᠰᠠᠭ ᠤᠨ ᠣᠷᠳᠣᠨ᠂ ᠨᠡᠶᠢᠭᠡᠮ᠂ ᠭᠡᠷ ᠪᠦᠯᠢ᠂ ᠬᠤᠪᠢ ᠬᠥᠮᠥᠨ ᠬᠤᠯᠪᠤᠭᠠᠯᠠᠨ ᠬᠥᠳᠡᠯᠦᠯᠴᠡᠬᠦ ᠰᠠᠶᠢᠨ ᠰᠠᠶᠢᠬᠠᠨ ᠪᠠᠶᠢᠳᠠᠯ ᠢ ᠪᠤᠶ ᠪᠣᠯᠭᠠᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠴᠢᠬᠤᠯᠠᠴᠢᠯᠠᠵᠤ ᠪᠠᠶᠢᠭᠰᠠᠨ ᠠᠴᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠢ ᠵᠠᠰᠠᠬᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠳᠠᠰᠢ ᠬᠤᠪᠢᠷᠠᠭᠤᠯᠬᠤ ᠶᠢ ᠠᠬᠢᠭᠤᠯᠵᠤ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠶᠢᠳᠠᠯ ᠢ ᠲᠠᠰᠤᠷᠠᠯᠲᠠ ᠦᠭᠡᠢ ᠰᠠᠶᠢᠵᠢᠷᠠᠭᠤᠯᠤᠨ᠂ ᠪᠥᠬᠦ ᠨᠡᠶᠢᠭᠡᠮ ᠢᠶᠠᠷ ᠢᠶᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯᠯᠠᠭ᠎ᠠ ᠳᠤ ᠣᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠦᠳᠡᠯᠭᠡᠭᠡᠨ ᠢ ᠪᠠᠶᠢᠩᠭᠤᠵᠢᠭᠤᠯᠤᠨ ᠥᠷᠨᠢᠭᠦᠯᠬᠦ ᠶᠢ ᠠᠬᠢᠭᠤᠯᠤᠨ᠎ᠠ᠃      ᠬᠤᠶᠠᠷ᠂ ᠠᠵᠢᠯ ᠤᠨ ᠡᠭᠦᠷᠭᠡ      ︵ᠨᠢᠭᠡ︶ ᠪᠠᠶᠢᠩᠭᠤᠵᠢᠭᠰᠠᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠳᠦᠷᠢᠮ ᠢ ᠪᠠᠶᠢᠭᠤᠯᠤᠨ᠎ᠠ᠃ᠵᠢᠯ ᠪᠦᠷᠢ ᠶᠢᠨ 4 ᠰᠠᠷ᠎ᠠ ᠳᠤ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ︾ ᠶᠢᠨ ᠠᠵᠢᠯᠯᠠᠭ᠎ᠠ ᠶᠢ ᠨᠢᠭᠡᠳᠦᠯᠲᠡᠢ ᠥᠷᠨᠢᠭᠦᠯᠵᠦ᠂ ᠵᠢᠯ ᠪᠦᠷᠢ ᠶᠢᠨ 12 ᠰᠠᠷ᠎ᠠ ᠳᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠵᠢᠴᠢ ᠵᠢᠯ ᠪᠦᠷᠢ ᠶᠢᠨ 4᠂ 6᠂ 8 ᠰᠠᠷ᠎ᠠ ᠳᠤ ︽ᠳᠥᠷᠪᠡᠨ ᠬᠤᠣᠷ︾ ᠢ ᠨᠢᠭᠡᠳᠦᠯᠲᠡᠢ ᠠᠷᠢᠯᠭᠠᠬᠤ ᠠᠵᠢᠯᠯᠠᠭ᠎ᠠ ᠶᠢ ᠥᠷᠨᠢᠭᠦᠯᠦᠭᠰᠡᠨ ᠰᠠᠭᠤᠷᠢᠨ ᠳᠡᠭᠡᠷ᠎ᠡ᠂ ᠡᠯ᠎ᠡ ᠭᠠᠴᠠᠭᠠᠨ ᠤ ᠠᠷᠠᠳ ᠤᠨ ᠵᠥᠪᠯᠡᠯ᠂ ᠰᠢᠶᠠᠩ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠳ ᠰᠠᠷ᠎ᠠ ᠪᠦᠷᠢ ᠶᠢᠨ 20 ᠤ ᠡᠳᠦᠷ ᠤᠨ 256 ᠳ᠋ᠤᠭᠠᠷ ᠲᠣᠭᠠᠲᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠲᠠᠢ ᠤᠶᠠᠯᠳᠤᠭᠤᠯᠤᠨ ᠨᠢᠭᠡ ᠤᠳᠠᠭᠠᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠵᠠᠰᠠᠬᠤ ᠪᠠᠷ ᠭᠤᠣᠯ ᠠᠭᠤᠯᠭ᠎ᠠ ᠪᠣᠯᠭᠠᠭᠰᠠᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠵᠦ᠂ ᠡᠷᠡᠭᠦᠯ ᠬᠠᠮᠠᠭᠠᠯᠠᠯ ᠤᠨ ᠥᠯᠥ ᠣᠨᠣᠭᠳᠠᠬᠤ ᠭᠠᠵᠠᠷ ᠪᠠ ᠡᠪᠡᠳᠴᠢᠨ ᠤ ᠵᠠᠭᠤᠴᠢ ᠠᠮᠢᠳᠤ ᠪᠣᠳᠠᠰ ᠤᠨ ᠦᠷᠡᠵᠢᠭᠰᠡᠨ ᠭᠠᠵᠠᠷ ᠢ ᠠᠷᠢᠯᠭᠠᠬᠤ ᠪᠠᠷ ᠭᠤᠣᠯ ᠪᠣᠯᠭᠠᠭᠰᠠᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠨᠢᠭᠡᠳᠦᠯᠲᠡᠢ ᠠᠵᠢᠯᠯᠠᠭ᠎ᠠ ᠶᠢ ᠥᠷᠨᠢᠭᠦᠯᠬᠦ ᠶᠢᠨ ᠬᠠᠮᠲᠤ ᠬᠠᠮᠢᠶ᠎ᠠ ᠪᠦᠬᠦᠢ ᠲᠣᠪᠴᠢ ᠮᠡᠳᠡᠭᠡ ᠶᠢ ᠮᠡᠳᠡᠭᠦᠯᠦᠨ ᠬᠦᠷᠭᠡᠬᠦ ᠬᠡᠷᠡᠭᠲᠡᠢ︔ᠭᠠᠴᠠᠭᠠᠨ ᠤ ᠠᠷᠠᠳ ᠤᠨ ᠵᠥᠪᠯᠡᠯ ᠪᠠ ᠰᠤᠮᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠭᠠᠷᠠᠭ ᠪᠦᠷᠢ ᠨᠢᠭᠡ ᠤᠳᠠᠭ᠎ᠠ ᠠᠵᠢᠯᠯᠠᠬᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠶᠡᠭᠡ ᠴᠡᠪᠡᠷᠯᠡᠭᠡ ᠬᠢᠨ᠎ᠡ᠃ᠲᠥᠪᠯᠡᠷᠡᠩᠭᠦᠢ ᠠᠵᠢᠯᠯᠠᠭ᠎ᠠ ᠬᠢᠭᠡᠳ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠪᠠᠶᠢᠩᠭᠤᠵᠢᠭᠤᠯᠤᠨ ᠴᠡᠭᠴᠡᠯᠡᠨ ᠵᠠᠰᠠᠬᠤ ᠶᠢ ᠬᠠᠷᠢᠯᠴᠠᠨ ᠤᠶᠠᠯᠳᠤᠭᠤᠯᠤᠭᠰᠠᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠳᠦᠷᠢᠮ ᠢ ᠪᠣᠶ ᠪᠣᠯᠭᠠᠨ᠎ᠠ᠃      ︵ᠬᠤᠶᠠᠷ︶ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠤᠨ᠎ᠠ᠃ᠵᠡᠭᠡᠯᠢ ᠭᠤᠳᠤᠮᠵᠢ᠂ ᠬᠤᠭ ᠨᠣᠪᠰᠢ ᠶᠢ ᠲᠦᠷ ᠬᠠᠳᠠᠭᠠᠯᠠᠬᠤ ᠭᠠᠵᠠᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠮᠥᠨ ᠣᠯᠠᠨ ᠴᠤᠭᠯᠠᠷᠠᠳᠠᠭ ᠲᠠᠯᠠᠪᠤᠷ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡᠴᠡ᠂ ᠰᠠᠭᠤᠭᠠᠯᠢ ᠠᠷᠠᠳ ᠤᠨ ᠭᠡᠷ ᠪᠦᠯᠢ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠲᠦᠪᠰᠢᠨ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ‍ᠤᠨ‌ᠡᠳᠦᠷ ᠲᠤᠳᠤᠮ ᠤᠨ ᠴᠡᠪᠡᠷᠯᠡᠭᠡ ᠴᠡᠪᠡᠷᠯᠡᠯᠲᠡ ᠶᠢ ᠴᠢᠩᠭᠠᠳᠬᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ︔ᠠᠶᠢᠯ ᠲᠣᠰᠬᠤᠨ ᠢ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠠᠰᠢᠭᠯᠠᠬᠤ ᠵᠢᠴᠢ ᠴᠥᠭᠦᠷᠥᠮ ᠢ ᠯᠠᠶᠢᠳᠠᠬᠤ ᠵᠡᠷᠭᠡ ᠠᠵᠢᠯ ᠢ ᠭᠤᠣᠯᠳᠠᠯᠭ᠎ᠠ ᠲᠠᠢ ᠪᠠᠷ ᠲᠦᠯᠬᠢᠨ ᠠᠬᠢᠭᠤᠯᠤᠨ᠎ᠠ᠂ ᠵᠣᠷᠯᠣᠩ ᠤᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠤᠯᠠᠨ ᠨᠡᠶᠢᠲᠡ ᠶᠢᠨ ᠵᠣᠷᠯᠣᠩ ᠤᠨ ᠪᠠᠶᠢᠭᠤᠯᠤᠯᠲᠠ ᠶᠢᠨ ᠬᠠᠮᠢᠶᠠᠷᠤᠯᠲᠠ ᠪᠠ ᠬᠤᠣᠷ ᠦᠭᠡᠶᠢᠵᠢᠬᠦᠯᠦᠭᠰᠡᠨ ᠡᠷᠡᠭᠦᠯ ᠬᠠᠮᠠᠭᠠᠯᠠᠯ ᠤᠨ ᠡᠷᠦᠬᠡ ᠶᠢᠨ ᠵᠣᠷᠯᠣᠩ ᠤᠨ ᠪᠠᠶᠢᠭᠤᠯᠤᠯᠲᠠ ᠶᠢ ᠠᠬᠢᠭᠤᠯᠤᠨ᠎ᠠ᠃      ︵ᠭᠤᠷᠪᠠ︶ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠬᠤ ᠶᠢ ᠠᠬᠢᠭᠤᠯᠤᠨ᠎ᠠ᠃ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ᠂ ᠳᠡᠯᠡᠬᠡᠢ ᠶᠢᠨ ᠲᠠᠮᠠᠬᠢ ᠲᠠᠲᠠᠬᠤ ᠦᠭᠡᠢ ᠡᠳᠦᠷ᠂ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ᠂ ᠡᠷᠡᠭᠦᠯ ᠡᠩᠬᠡ ᠳᠤᠮᠳᠠᠳᠤ ᠤᠯᠤᠰ ᠤᠨ ᠠᠶᠠᠯᠠᠯ ᠵᠡᠷᠭᠡ ᠭᠤᠣᠯ ᠰᠡᠳᠦᠪᠲᠦ ᠠᠵᠢᠯᠯᠠᠭ᠎ᠠ ᠪᠠ ᠡᠳᠦᠷ ᠲᠤᠲᠤᠮ ᠤᠨ ᠤᠬᠠᠭᠤᠯᠭ᠎ᠠ ᠶᠢᠨ ᠠᠵᠢᠯᠯᠠᠭ᠎ᠠ ᠶᠢ ᠭᠦᠢᠴᠡᠳ ᠠᠰᠢᠭᠯᠠᠵᠤ᠂ ᠤᠯᠠᠨ ᠲᠦᠮᠡᠨ ᠤ ᠡᠷᠡᠭᠦᠯ ᠮᠡᠨᠳᠤ ᠶᠢᠨ ᠬᠡᠪ ᠪᠣᠯᠪᠠᠰᠤᠷᠠᠯ ᠤᠨ ᠲᠦᠪᠰᠢᠨ ᠢ ᠳᠡᠭᠡᠭᠰᠢᠯᠡᠭᠦᠯᠵᠦ᠂ ᠪᠣᠯᠪᠠᠰᠤᠨ ᠡᠷᠡᠭᠦᠯ ᠮᠡᠨᠳᠤ᠂ ᠪᠣᠬᠢᠷᠳᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠨ᠂︽ᠪᠣᠯᠪᠠᠰᠤᠨ ᠢ ᠡᠷᠬᠢᠮᠯᠡᠬᠦ᠂ ᠡᠷᠡᠭᠦᠯ ᠮᠡᠨᠳᠤ ᠶᠢ ᠪᠤᠢ ᠪᠣᠯᠭᠠᠬᠤ᠂ ᠪᠣᠬᠢᠷᠳᠤᠯ ᠦᠭᠡᠢ ᠪᠠᠶᠢᠬᠤ ᠶᠢ ᠰᠠᠬᠢᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠬᠤᠯᠠᠴᠢᠯᠠᠬᠤ︾ ᠶᠢ ᠰᠠᠨᠠᠭᠠᠴᠢᠯᠠᠵᠤ᠂ ᠤᠯᠠᠨ ᠲᠦᠮᠡᠨ ᠤ ᠡᠷᠡᠭᠦᠯ ᠮᠡᠨᠳᠤ ᠪᠠᠷ ᠤᠯᠤᠰ ᠢᠶᠠᠨ ᠬᠦᠴᠦᠷᠬᠡᠭᠵᠢᠭᠦᠯᠬᠦ ᠣᠶᠢᠯᠠᠭᠠᠭᠳᠠᠬᠤᠨ ᠢ ᠬᠥᠲᠥᠯᠥᠨ ᠳᠠᠭᠠᠭᠤᠯᠵᠤ᠂ ︽ᠠᠶᠢᠯ ᠪᠣᠯᠭᠠᠨ ᠡᠷᠡᠭᠦᠯ ᠮᠡᠨᠳᠤ ᠶᠢ ᠡᠷᠬᠢᠮᠯᠡᠬᠦ᠂ ᠬᠥᠮᠥᠨ ᠪᠣᠯᠭᠠᠨ ᠡᠷᠡᠭᠦᠯ ᠮᠡᠨᠳᠤ ᠶᠢ ᠡᠳ᠋ᠯᠡᠬᠦ︾ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠨ᠎ᠠ᠃ᠢᠳᠡᠭᠡᠨ ᠤᠮᠳᠠᠭᠠᠨ ᠤ ᠰᠠᠶᠢᠨ ᠰᠠᠶᠢᠬᠠᠨ ᠬᠡᠪ ᠰᠤᠷᠲᠠᠯ ᠢ ᠰᠠᠨᠠᠭᠠᠴᠢᠯᠠᠵᠤ᠂ ᠬᠤᠪᠢᠳᠠᠨ ᠬᠤᠭᠤᠯᠠᠯᠠᠬᠤ ᠳᠦᠷᠢᠮ ᠢ ᠢᠳᠡᠪᠬᠢᠲᠡᠢ ᠳᠡᠯᠭᠡᠷᠡᠭᠦᠯᠵᠦ᠂ ︽ᠨᠡᠶᠢᠲᠡ ᠶᠢᠨ ᠰᠠᠪᠬ᠎ᠠ᠂ ᠨᠡᠶᠢᠲᠡ ᠶᠢᠨ ᠰᠢᠨᠠᠭ᠎ᠠ︾ ᠶᠢ ᠬᠡᠷᠡᠭᠯᠡᠬᠦ ᠶᠢ ᠰᠠᠨᠠᠭᠠᠴᠢᠯᠠᠵᠤ᠂ ︽ᠬᠤᠭᠤᠰᠤᠨ ᠫᠢᠯᠠ ᠲᠠᠯᠪᠢᠬᠤ ᠠᠵᠢᠯᠯᠠᠭ᠎ᠠ︾ ᠶᠢᠨ ᠠᠵᠢᠯᠯᠠᠭ᠎ᠠ ᠶᠢ ᠥᠷᠨᠢᠭᠦᠯᠵᠦ᠂ ᠬᠡᠭᠡᠷ᠎ᠡ ᠶᠢᠨ ᠠᠮᠢᠳᠠᠨ ᠢ ᠳᠤᠷ᠎ᠠ ᠪᠠᠷ ᠢᠶᠠᠨ ᠢᠳᠡᠬᠦ ᠵᠡᠷᠭᠡ ᠮᠠᠭᠤ ᠮᠠᠭᠤ ᠳᠠᠳᠬᠠᠯ ᠢ ᠠᠷᠢᠯᠭᠠᠨ᠎ᠠ᠃ᠪᠥᠬᠦ ᠠᠷᠠᠳ ᠢᠶᠠᠷ ᠢᠶᠠᠨ ︽ᠭᠤᠷᠪᠠ ᠶᠢ ᠪᠠᠭᠠᠰᠬᠠᠵᠤ ᠭᠤᠷᠪᠠ ᠶᠢ ᠴᠢᠭᠢᠷᠠᠭᠵᠢᠭᠤᠯᠬᠤ︾ ᠠᠵᠢᠯᠯᠠᠭ᠎ᠠ ᠳᠤ ᠣᠷᠤᠯᠴᠠᠬᠤ ᠶᠢ ᠵᠣᠷᠢᠭᠵᠢᠭᠤᠯᠵᠤ᠂ ᠲᠠᠮᠠᠬᠢ ᠶᠢ ᠵᠣᠭᠰᠣᠭᠠᠵᠤ ᠠᠷᠢᠬᠢ ᠶᠢ ᠬᠢᠵᠠᠭᠠᠷᠯᠠᠬᠤ᠂ ᠵᠣᠬᠢᠬᠤ ᠬᠡᠮᠵᠢᠶᠡᠨ ᠤ ᠬᠥᠳᠡᠯᠭᠡᠭᠡᠨ ᠬᠢᠬᠦ᠂ ᠢᠳᠡᠭᠡᠨ ᠤᠮᠳᠠᠭᠠᠨ ᠢᠶᠠᠨ ᠵᠦᠢ ᠵᠣᠬᠢᠰᠲᠠᠢ ᠪᠠᠶᠢᠯᠭᠠᠬᠤ᠂ ᠰᠡᠳᠬᠢᠯ ᠰᠠᠨᠠᠭ᠎ᠠ ᠪᠠᠨ ᠲᠡᠩᠴᠡᠭᠦᠷᠢᠲᠡᠢ ᠪᠠᠶᠢᠯᠭᠠᠬᠤ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠤᠬᠠᠮᠰᠠᠷ   ᠠᠴᠠ ᠪᠠᠨ ᠪᠣᠶ ᠪᠣᠯᠭᠠᠨ᠎ᠠ᠃ᠰᠡᠳᠬᠢᠴᠡ ᠶᠢᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠵᠤ᠂ ᠥᠪᠡᠷ ᠢ ᠪᠠᠨ ᠬᠦᠨᠳᠦᠳᠬᠡᠬᠦ ᠥᠪᠡᠷ ᠢ ᠪᠠᠨ ᠢᠲᠡᠭᠡᠬᠦ᠂ ᠣᠶᠤᠨᠴᠢ ᠡᠶᠡᠯᠳᠡᠭ᠂ ᠪᠠᠶᠠᠰᠤᠩᠭᠤᠢ ᠢᠳᠡᠪᠬᠢᠲᠡᠢ ᠪᠠᠶᠢᠬᠤ ᠣᠨᠣᠯᠵᠢᠬᠤᠨ ᠪᠠ ᠰᠢᠨᠵᠢᠯᠡᠬᠦ ᠤᠬᠠᠭᠠᠨᠴᠢ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢ ᠤᠯᠠᠮᠵᠢᠯᠠᠨ ᠳᠡᠯᠭᠡᠷᠡᠭᠦᠯᠵᠦ᠂ ᠡᠶ᠎ᠡ ᠵᠣᠬᠢᠴᠠᠯ ᠲᠠᠢ ᠥᠭᠡᠳᠡᠷᠬᠡᠭ ᠭᠡᠷ ᠪᠦᠯᠢ ᠪᠠ ᠨᠡᠶᠢᠭᠡᠮ ᠤᠨ ᠠᠭᠤᠷ ᠠᠮᠢᠰᠬᠤᠯ ᠢ ᠬᠥᠲᠥᠯᠥᠨ ᠵᠢᠯᠤᠭᠤᠳᠴᠤ ᠪᠣᠶ ᠪᠣᠯᠭᠠᠨ᠎ᠠ᠃     ︵ᠳᠥᠷᠪᠡ︶ ᠨᠡᠶᠢᠭᠡᠮ ᠤᠨ ᠳᠠᠶᠢᠴᠢᠯᠠᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ᠳᠡᠭᠡᠷ᠎ᠡ ᠠᠴᠠ ᠳᠣᠷᠣᠭᠰᠢ ᠪᠠᠨ ᠵᠠᠰᠠᠭ ᠵᠠᠬᠢᠷᠭᠠᠨ ᠤ ᠳᠠᠶᠢᠴᠢᠯᠠᠯᠲᠠ ᠬᠢᠬᠦ ᠪᠠ ᠳᠣᠣᠷ᠎ᠠ ᠠᠴᠠ ᠳᠡᠭᠡᠭᠰᠢ ᠪᠠᠨ ᠰᠠᠨᠠᠭᠠᠴᠢᠯᠠᠭ᠎ᠠ ᠠᠴᠠ ᠪᠠᠨ ᠣᠷᠤᠯᠴᠠᠬᠤ ᠶᠢ ᠬᠠᠷᠢᠯᠴᠠᠨ ᠤᠶᠠᠯᠳᠤᠭᠤᠯᠤᠭᠰᠠᠨ᠂ ᠲᠥᠪᠯᠡᠷᠡᠩᠭᠦᠢ ᠠᠵᠢᠯᠯᠠᠭ᠎ᠠ ᠶᠢᠨ ᠳᠠᠶᠢᠴᠢᠯᠠᠯᠲᠠ ᠬᠢᠬᠦ ᠪᠠ ᠪᠠᠶᠢᠩᠭᠤ ᠶᠢᠨ ᠳᠠᠶᠢᠴᠢᠯᠠᠯᠲᠠ ᠶᠢ ᠬᠠᠷᠢᠯᠴᠠᠨ ᠤᠶᠠᠯᠳᠤᠭᠤᠯᠤᠭᠰᠠᠨ ᠨᠡᠶᠢᠭᠡᠮ ᠤᠨ ᠳᠠᠶᠢᠴᠢᠯᠠᠯᠲᠠ ᠶᠢᠨ ᠲᠣᠭᠲᠠᠴᠠ ᠶᠢ ᠪᠦᠷᠢᠯᠳᠦᠭᠦᠯᠬᠦ ᠶᠢ ᠲᠦᠯᠬᠢᠨ ᠠᠬᠢᠭᠤᠯᠤᠨ᠎ᠠ᠃ᠡᠯ᠎ᠡ ᠭᠠᠴᠠᠭᠠᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠨᠢ ᠭᠠᠴᠠᠭᠠᠨ ᠤ ᠠᠷᠠᠳ ᠢ ᠭᠦᠢᠴᠡᠳ ᠤᠬᠠᠭᠤᠯᠵᠤ᠂ ᠳᠠᠶᠢᠴᠢᠯᠠᠵᠤ᠂ ᠬᠥᠲᠥᠯᠥᠨ ᠵᠢᠯᠤᠭᠤᠳᠴᠤ ᠪᠠᠶᠢᠭᠠᠳ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ᠃ᠨᠡᠶᠢᠭᠡᠮ ᠤᠨ ᠣᠷᠤᠯᠴᠠᠬᠤ ᠲᠠᠪᠴᠠᠩ ᠢ ᠪᠠᠶᠢᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠡᠷᠡᠭᠦᠯ ᠮᠡᠨᠳᠦ ᠶᠢᠨ ᠦᠢᠯᠡᠴᠢᠯᠡᠭᠡᠨ ᠵᠡᠷᠭᠡ ᠬᠠᠮᠢᠶ᠎ᠠ ᠪᠦᠬᠦᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠠᠵᠢᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠶᠢ ᠢᠳᠡᠪᠬᠢᠲᠡᠢ ᠪᠠᠷ ᠳᠠᠶᠢᠴᠢᠯᠠᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠳᠤ ᠣᠷᠣᠯᠴᠠᠭᠤᠯᠤᠨ᠎ᠠ᠃       ︵ᠲᠠᠪᠤ︶ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠨ᠎ᠠ᠃ᠡᠪᠡᠳᠴᠢᠨ ᠤ ᠵᠠᠭᠤᠴᠢ ᠠᠮᠢᠳᠤ ᠪᠣᠳᠠᠰ ᠢ ᠬᠢᠨᠠᠨ ᠬᠡᠮᠵᠢᠬᠦ ᠪᠠ ᠰᠡᠷᠭᠡᠶᠢᠯᠡᠨ ᠵᠠᠰᠠᠬᠤ ᠮᠡᠷᠭᠡᠵᠢᠯ ᠤᠨ ᠵᠢᠯᠣᠭᠤᠳᠤᠯᠭ᠎ᠠ ᠶᠢ ᠴᠢᠩᠭᠠᠳᠬᠠᠵᠤ᠂ ᠡᠪᠡᠳᠴᠢᠨ ᠤ ᠵᠠᠭᠤᠴᠢ ᠠᠮᠢᠳᠤ ᠪᠣᠳᠠᠰ ᠤᠨ ᠨᠢᠭᠲᠠᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ ᠳᠦᠷᠢᠮ ᠢ ᠨᠠᠶᠢᠳᠠᠪᠤᠷᠢᠵᠢᠭᠤᠯᠤᠨ᠎ᠠ᠃ᠣᠷᠴᠢᠨ ᠲᠣᠭᠤᠷᠢᠨ ᠢ ᠵᠠᠰᠠᠬᠤ ᠪᠠᠷ ᠭᠤᠣᠯ ᠪᠣᠯᠭᠠᠭᠰᠠᠨ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠵᠠᠷᠴᠢᠮ ᠢ ᠪᠠᠷᠢᠮᠲᠠᠯᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ  ᠪᠠᠷ ᠥᠷᠨᠢᠭᠦᠯᠦᠭᠰᠡᠨ ᠰᠠᠭᠤᠷᠢᠨ ᠳᠡᠭᠡᠷ᠎ᠡ᠂ ᠡᠪᠡᠳᠴᠢᠨ ᠤ ᠵᠠᠭᠤᠴᠢ ᠠᠮᠢᠳᠤ ᠪᠣᠳᠠᠰ ᠢ ᠤᠰᠠᠳᠬᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠡᠪᠡᠳᠴᠢᠨ ᠤ ᠵᠠᠭᠤᠴᠢ ᠠᠮᠢᠳᠤ ᠪᠣᠳᠠᠰ ᠤᠨ ᠦᠷᠡᠵᠢᠭᠰᠡᠨ ᠭᠠᠵᠠᠷ ᠢ ᠡᠬᠢ ᠡᠭᠦᠰᠦᠯ ᠠᠴᠠ ᠨᠢ ᠠᠷᠢᠯᠭᠠᠵᠤ᠂ ᠡᠪᠡᠳᠴᠢᠨ ᠤ ᠵᠠᠭᠤᠴᠢ ᠠᠮᠢᠳᠤ ᠪᠣᠳᠠᠰ ᠤᠨ ᠨᠢᠭᠲᠠᠴᠠ ᠶᠢ ᠪᠠᠭᠤᠷᠠᠭᠤᠯᠤᠨ᠂ ᠬᠠᠯᠳᠠᠪᠤᠷᠢᠲᠤ ᠡᠪᠡᠳᠴᠢᠨ ᠤ ᠵᠠᠭᠤᠴᠢ ᠪᠠᠷ ᠳᠡᠮᠵᠢᠨ ᠲᠠᠷᠬᠠᠬᠤ ᠶᠢ ᠰᠡᠷᠭᠡᠶᠢᠯᠡᠵᠦ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠬᠢᠭᠡᠳ ᠡᠪᠡᠳᠴᠢᠨ ᠤ ᠵᠠᠭᠤᠴᠢ ᠬᠠᠯᠳᠠᠪᠤᠷᠢᠲᠤ ᠡᠪᠡᠳᠴᠢᠨ ᠳᠠᠪᠬᠤᠴᠠᠨ ᠲᠠᠷᠬᠠᠬᠤ ᠲᠦᠭᠰᠢᠭᠦᠷᠢ ᠶᠢ ᠰᠡᠷᠭᠡᠶᠢᠯᠡᠵᠦ᠂ ᠬᠤᠯᠤᠭᠠᠨ᠎ᠠ᠂ ᠪᠠᠲᠠᠭᠠᠨ᠎ᠠ᠂ ᠢᠯᠠᠭ᠎ᠠ᠂ ᠵᠣᠥᠮ᠎ᠠ ᠶᠢᠨ ᠨᠢᠭᠲᠠᠴᠠ ᠶᠢ ᠤᠯᠤᠰ ᠤᠨ ᠡᠪᠡᠳᠴᠢᠨ ᠤ ᠵᠠᠭᠤᠴᠢ ᠠᠮᠢᠳᠤ ᠪᠣᠳᠠᠰ ᠤᠨ ᠨᠢᠭᠲᠠᠴᠠ ᠶᠢ ᠡᠵᠡᠮᠳᠡᠬᠦ ᠬᠢᠷᠢ ᠬᠡᠮᠵᠢᠶ᠎ᠡ ᠶᠢᠨ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃      ︵ᠵᠢᠷᠭᠤᠭ᠎ᠠ︶ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠤᠨ᠎ᠠ᠃ᠡᠷᠡᠭᠦᠯ ᠬᠠᠮᠠᠭᠠᠯᠠᠯ ᠢ ᠡᠭᠦᠳᠦᠨ ᠪᠠᠶᠢᠭᠤᠯᠬᠤ ᠠᠵᠢᠯ ᠪᠣᠯ ᠰᠢᠨ᠎ᠡ ᠴᠠᠭ ᠦᠶ᠎ᠡ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠭᠤᠣᠯ ᠠᠭᠤᠯᠭ᠎ᠠ ᠪᠠ ᠴᠢᠬᠤᠯᠠ ᠭᠠᠷᠳᠠᠴᠠ ᠪᠣᠯᠣᠨ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠪᠠᠶᠢᠩᠭᠤᠵᠢᠭᠤᠯᠬᠤ ᠪᠣᠳᠠᠲᠠᠢ ᠦᠢᠯᠡᠳᠦᠯᠭᠡ ᠪᠣᠯᠣᠨ᠎ᠠ᠃ᠡᠷᠡᠭᠦᠯ ᠬᠠᠮᠠᠭᠠᠯᠠᠯ ᠤᠨ ᠰᠢᠶᠠᠩ᠂ ᠲᠣᠰᠬᠤᠨ ᠢ ᠡᠭᠦᠳᠦᠨ ᠪᠠᠶᠢᠭᠤᠯᠬᠤ ᠠᠵᠢᠯ ᠢᠶᠠᠷ ᠳᠠᠮᠵᠢᠭᠤᠯᠤᠨ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠡᠷᠡᠭᠦᠯ ᠮᠡᠨᠳᠦ ᠶᠢᠨ ᠬᠥᠮᠦᠵᠢᠯ ᠪᠠ ᠡᠷᠡᠭᠦᠯ ᠮᠡᠨᠳᠦ ᠶᠢ ᠠᠬᠢᠭᠤᠯᠬᠤ᠂ ᠬᠥᠳᠡᠭᠡ ᠲᠣᠰᠬᠤᠨ ᠤ ᠳᠦᠷᠢ ᠲᠥᠷᠬᠦ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠣᠷᠴᠢᠨ ᠲᠣᠭᠤᠷᠢᠨ ᠤ ᠬᠠᠮᠠᠭᠠᠯᠠᠯᠲᠠ᠂ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠡᠷᠡᠭᠦᠯ ᠬᠠᠮᠠᠭᠠᠯᠠᠯ᠂ ᠢᠳᠡᠭᠡᠨ ᠵᠢᠴᠢ ᠠᠮᠢᠳᠤᠷᠠᠯ ᠤᠨ ᠤᠤᠭᠤᠬᠤ ᠤᠰᠤᠨ ᠤ ᠠᠮᠤᠷ ᠲᠦᠪᠰᠢᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠬᠢᠭᠡᠳ ᠡᠮᠴᠢᠯᠡᠭᠡᠨ ᠤ ᠦᠢᠯᠡᠴᠢᠯᠡᠭᠡ᠂ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠵᠡᠷᠭᠡ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠡᠳᠦᠷ ᠲᠤᠲᠤᠮ ᠤᠨ ᠠᠵᠢᠯ ᠢ ᠴᠢᠩᠭᠠᠳᠬᠠᠵᠤ᠂ ᠥᠷᠭᠡᠨ ᠣᠯᠠᠨ ᠠᠷᠠᠳ ᠲᠦᠮᠡᠨ ᠤ ᠣᠷᠴᠢᠨ ᠲᠣᠭᠤᠷᠢᠨ ᠪᠠ ᠡᠷᠡᠭᠦᠯ ᠮᠡᠨᠳᠦ ᠶᠢᠨ ᠲᠠᠰᠤᠷᠠᠯᠲᠠ ᠦᠭᠡᠢ ᠨᠡᠮᠡᠭᠳᠡᠬᠦ ᠬᠡᠷᠡᠭᠴᠡᠭᠡ ᠱᠠᠭᠠᠷᠳᠠᠯᠭ᠎ᠠ ᠯᠤᠭ᠎ᠠ ᠨᠢᠭᠡᠳᠦᠯᠲᠡᠢ ᠪᠣᠯᠭᠠᠨ᠎ᠠ᠃      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ᠡᠯ᠎ᠡ ᠲᠣᠰᠬᠤᠨ ᠤ ᠠᠷᠠᠳ ᠤᠨ ᠵᠥᠪᠯᠡᠯ᠂ ᠰᠢᠶᠠᠩ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠳ ᠰᠢᠨ᠎ᠡ ᠴᠠᠭ ᠦᠶ᠎ᠡ ᠳᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠵᠢᠯᠲᠠᠨ᠂ ᠠᠵᠢᠯ ᠤᠨ ᠨᠥᠬᠦᠴᠡᠯ᠂ ᠵᠠᠷᠤᠳᠠᠯ ᠵᠡᠷᠭᠡ ᠲᠠᠯ᠎ᠠ ᠪᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠪᠠᠲᠤᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠤᠰᠬᠠᠢ ᠪᠠᠶᠢᠭᠤᠯᠤᠮᠵᠢ ᠪᠠ ᠠᠵᠢᠯᠲᠠᠨ ᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠨ ᠡᠳᠦᠷ ᠲᠤᠲᠤᠮ ᠤᠨ ᠠᠵᠢᠯ ᠢ ᠬᠠᠷᠢᠭᠤᠴᠠᠭᠤᠯᠬᠤ ᠪᠠᠷ ᠲᠣᠳᠣᠷᠬᠠᠶᠢᠯᠠᠬᠤ ᠬᠡᠷᠡᠭᠲᠡᠢ᠃ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢ ᠪᠠᠶᠢᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠬᠥᠮᠥᠨ ᠪᠦᠬᠦᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠢ ᠬᠠᠯᠠᠮᠵᠢᠯᠠᠨ ᠳᠡᠮᠵᠢᠬᠦ᠂ ᠪᠦᠬᠦ ᠨᠡᠶᠢᠭᠡᠮ ᠢᠶᠠᠷ ᠢᠶᠠᠨ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠬᠡᠷᠡᠭᠲᠡᠢ᠃ᠣᠯᠠᠨ ᠲᠦᠮᠡᠨ ᠢ ᠢᠳᠡᠪᠬᠢᠲᠡᠢ ᠳᠠᠶᠢᠴᠢᠯᠠᠵᠤ᠂ ᠣᠯᠠᠨ ᠲᠦᠮᠡᠨ ᠳᠤ ᠲᠦᠰᠢᠭᠯᠡᠨ᠂ ᠣᠯᠠᠨ ᠤ ᠤᠬᠠᠭᠠᠨ ᠬᠠᠮᠲᠤ ᠶᠢᠨ ᠬᠦᠴᠦᠨ ᠢᠶᠠᠷ᠂ ᠣᠯᠠᠨ ᠢᠶᠠᠷ ᠢᠶᠠᠨ ᠰᠡᠷᠭᠡᠶᠢᠯᠡᠨ ᠡᠵᠡᠮᠳᠡᠵᠦ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ᠃ᠤᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠵᠤ᠂ ᠣᠷᠣᠨ ᠨᠤᠲᠤᠭ ᠤᠨ ᠵᠠᠷᠤᠳᠠᠯ ᠢ ᠨᠢᠭᠡᠳᠦᠯᠲᠡᠢ ᠲᠥᠯᠥᠪᠯᠡᠨ ᠨᠠᠶᠢᠳᠠᠪᠤᠷᠢᠵᠢᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠳᠠᠬᠢ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠬᠦ ᠬᠡᠷᠡᠭᠲᠡᠢ᠃      ︵ᠬᠤᠶᠠᠷ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ᠡᠯ᠎ᠡ ᠲᠣᠰᠬᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠨ ᠬᠢᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠨᠡᠪᠲᠡᠷᠡᠯᠴᠡᠭᠡ ᠪᠠᠨ ᠰᠢᠯᠤᠭᠤᠬᠠᠨ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠭᠰᠡᠨ᠂ ᠴᠤᠭᠭᠠᠷ ᠠᠳᠬᠤᠵᠤ ᠬᠠᠮᠲᠤᠪᠠᠷ ᠬᠠᠮᠢᠶᠠᠷᠤᠭᠰᠠᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠲᠣᠣᠷ ᠰᠦᠯᠵᠢᠶ᠎ᠡ ᠶᠢ ᠪᠠᠶᠢᠭᠤᠯᠬᠤ ᠬᠡᠷᠡᠭᠲᠡᠢ᠃ᠰᠢᠶᠠᠩ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠭᠡᠷ ᠤᠨ ᠬᠢᠨ ᠲᠦᠷᠦᠭᠦᠯᠡᠨ ᠵᠣᠬᠢᠴᠠᠭᠤᠯᠬᠤ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠨ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠬᠦ ᠲᠠᠢ ᠤᠶᠠᠯᠳᠤᠭᠤᠯᠤᠨ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠯᠠᠪᠳᠠᠭᠤᠨ ᠪᠠᠲᠤᠲᠠᠢ ᠡᠮᠬᠢ ᠵᠢᠷᠤᠮ ᠲᠠᠢ ᠥᠷᠨᠢᠬᠦ ᠶᠢ ᠠᠬᠢᠭᠤᠯᠬᠤ ᠬᠡᠷᠡᠭᠲᠡᠢ᠃ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠲᠠᠢ ᠪᠦᠲᠦᠮᠵᠢᠲᠡᠢ ᠤᠶᠠᠯᠳᠤᠭᠤᠯᠵᠤ᠂ ᠠᠶᠢᠯ ᠲᠣᠰᠬᠤᠨ ᠤ ᠠᠷᠢᠭᠤᠨ ᠴᠡᠪᠡᠷ ᠤᠨ ᠠᠵᠢᠯᠯᠠᠭ᠎ᠠ ᠶᠢ ᠪᠠᠶᠢᠩᠭᠤᠵᠢᠭᠤᠯᠬᠤ ᠶᠢ ᠬᠦᠴᠦᠯᠡᠨ ᠠᠬᠢᠭᠤᠯᠬᠤ ᠬᠡᠷᠡᠭᠲᠡᠢ᠃      ︵ᠭᠤᠷᠪᠠ︶ ᠥᠷᠭᠡᠨ ᠢᠶᠠᠷ ᠤᠬᠠᠭᠤᠯᠤᠨ ᠳᠠᠶᠢᠴᠢᠯᠠᠨ᠎ᠠ᠃ᠢᠨᠲ᠋ᠧᠷ ᠰᠦᠯᠵᠢᠶ᠎ᠡ᠂ ᠸᠢᠴᠠᠲ ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠵᠤ᠂ ᠡᠷᠦᠬᠡ ᠳᠤ ᠣᠷᠣᠵᠤ ᠤᠬᠠᠭᠤᠯᠬᠤ᠂ ᠬᠢᠴᠢᠶᠡᠯ ᠤᠨ ᠲᠠᠩᠬᠢᠮ ᠳᠤ ᠰᠤᠷᠤᠯᠴᠠᠬᠤ ᠵᠡᠷᠭᠡ ᠡᠯ᠎ᠡ ᠵᠦᠢᠯ ᠤᠨ ᠳᠥᠭᠦᠮ ᠣᠶᠢᠯᠠᠭᠠᠮᠵᠢᠲᠠᠢ ᠬᠡᠯᠪᠡᠷᠢ ᠪᠠᠷ ᠳᠠᠮᠵᠢᠭᠤᠯᠤᠨ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠤᠬᠠᠭᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠲᠤᠬᠠᠢ ᠤᠯᠠᠨ ᠲᠦᠮᠡᠨ ᠤ ᠲᠠᠨᠢᠯᠲᠠ ᠪᠠ ᠣᠶᠢᠯᠠᠭᠠᠯᠲᠠ ᠶᠢ ᠨᠡᠮᠡᠭᠳᠡᠭᠦᠯᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠠᠶᠢᠯ ᠲᠣᠰᠬᠤᠨ ᠳᠤ ᠬᠦᠷᠭᠡᠬᠦ᠂ ᠭᠡᠷ ᠪᠦᠯᠢ ᠳᠤ ᠬᠦᠷᠭᠡᠬᠦ ᠶᠢ ᠲᠦᠯᠬᠢᠨ ᠠᠬᠢᠭᠤᠯᠵᠤ᠂ ᠤᠯᠠᠨ ᠲᠦᠮᠡᠨ ᠢ ᠥᠷᠭᠡᠨ ᠢᠶᠠᠷ ᠲᠠᠶᠢᠴᠢᠯᠠᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠳᠤ ᠣᠷᠣᠯᠴᠠᠭᠤᠯᠵᠤ᠂ ᠪᠣᠯᠪᠠᠰᠤᠨ ᠡᠷᠡᠭᠦᠯ ᠪᠣᠬᠢᠷᠳᠤᠯ ᠦᠭᠡᠢ ᠣᠷᠴᠢᠨ ᠠᠬᠤᠢ ᠶᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠂ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠥᠷᠨᠢᠭᠦᠯᠵᠦ᠂ ᠢᠳᠡᠭᠡᠨ ᠤᠮᠳᠠᠭᠠᠨ ᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠵᠤ᠂ ᠪᠣᠯᠪᠠᠰᠤᠨ ᠡᠷᠡᠭᠦᠯ ᠠᠮᠢᠳᠤᠷᠠᠯ ᠤᠨ ᠵᠠᠩ ᠳᠠᠳᠬᠠᠯ ᠢ ᠳᠡᠯᠭᠡᠷᠡᠭᠦᠯᠦᠨ᠎ᠡ᠃︽ᠬᠥᠮᠥᠨ ᠨᠢᠭᠡᠪᠦᠷᠢ ᠪᠣᠯ ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠮᠥᠨ︾ ᠭᠡᠬᠦ ᠣᠨᠣᠯᠵᠢᠬᠤᠨ ᠢ ᠤᠬᠠᠭᠤᠯᠤᠨ ᠰᠠᠨᠠᠭᠠᠴᠢᠯᠠᠵᠤ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠦᠷᠢᠶ᠎ᠡ ᠬᠠᠰᠢᠶ᠎ᠠ ᠶᠢᠨ ᠣᠷᠴᠢᠨ ᠲᠣᠭᠤᠷᠢᠨ ᠢ ᠴᠡᠪᠡᠷᠯᠡᠬᠦ ᠠᠴᠠ ᠭᠠᠷᠲᠠᠨ᠂ ᠪᠣᠯᠪᠠᠰᠤᠨ ᠪᠤᠰᠤ ᠵᠠᠩ ᠳᠠᠳᠬᠠᠯ ᠢ ᠵᠠᠯᠠᠷᠠᠭᠤᠯᠵᠤ᠂ ᠭᠡᠷ ᠪᠦᠯᠢ ᠪᠠ ᠣᠯᠠᠨ ᠨᠡᠶᠢᠲᠡ ᠶᠢᠨ ᠠᠵᠢᠯᠯᠠᠭᠠᠨ ᠤ ᠲᠠᠯᠠᠪᠤᠷ ᠭᠠᠵᠠᠷ ᠢ ᠴᠡᠪᠡᠷᠰᠢᠭᠦᠯᠦᠨ ᠨᠣᠭᠤᠭᠠᠷᠠᠭᠤᠯᠵᠤ ᠭᠤᠶᠣᠵᠢᠭᠤᠯᠬᠤ᠂ ᠥᠯᠥ ᠣᠨᠣᠭᠳᠠᠬᠤ ᠭᠠᠵᠠᠷ ᠪᠠ ᠬᠤᠭ ᠨᠣᠪᠰᠢ ᠶᠢ ᠴᠡᠪᠡᠷᠯᠡᠨ ᠠᠷᠢᠯᠭᠠᠵᠤ᠂ ᠪᠣᠯᠪᠠᠰᠤᠨ ᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠰᠠᠶᠢᠨ ᠰᠠᠶᠢᠬᠠᠨ ᠠᠮᠢᠳᠤᠷᠠᠯ ᠤᠨ ᠵᠠᠩ ᠳᠠᠳᠬᠠᠯ ᠢ ᠪᠠᠲᠤᠯᠠᠬᠤ ᠬᠡᠷᠡᠭᠲᠡᠢ᠃ᠡᠭᠦᠨ ᠤ ᠬᠠᠮᠲᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢ ᠪᠠᠶᠢᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠬᠥᠮᠥᠨ ᠪᠦᠬᠦᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠢ ᠬᠠᠯᠠᠮᠵᠢᠯᠠᠨ ᠳᠡᠮᠵᠢᠬᠦ᠂ ᠪᠦᠬᠦ ᠨᠡᠶᠢᠭᠡᠮ ᠢᠶᠠᠷ ᠢᠶᠠᠨ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠬᠡᠷᠡᠭᠲᠡᠢ᠃      ︵ᠳᠥᠷᠪᠡ︶ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠨ᠎ᠠ᠃ᠰᠢᠶᠠᠩ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠭᠡᠷ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ᠂ ᠰᠢᠶᠠᠩ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠲᠠᠢ ᠬᠠᠮᠲᠤᠷᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠣᠭᠲᠠᠴᠠ ᠪᠠ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠡᠯ᠎ᠡ ᠲᠣᠰᠬᠤᠨ ᠤ ᠠᠷᠠᠳ ᠤᠨ ᠵᠥᠪᠯᠡᠯ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠪᠠᠶᠢᠩᠭᠤᠵᠢᠭᠤᠯᠤᠨ ᠥᠷᠨᠢᠭᠦᠯᠦᠭᠰᠡᠨ ᠵᠡᠷᠭᠡ ᠪᠠᠶᠢᠳᠠᠯ ᠢ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠰᠢᠮᠳᠠᠭᠤᠯᠤᠨᠨ ᠰᠢᠢᠳᠪᠦᠷᠢᠯᠡᠵᠦ᠂ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠨ᠎ᠡ᠃ᠲᠠᠨᠢᠯᠲᠠ ᠪᠠᠨ ᠳᠡᠭᠡᠭᠰᠢᠯᠡᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ᠡᠭᠦᠨ ᠤ ᠬᠠᠮᠲᠤ ᠬᠢᠨᠠᠯᠲᠠ ᠲᠠᠯᠪᠢᠬᠤ ᠠᠷᠭ᠎ᠠ ᠵᠠᠮ ᠢ ᠰᠢᠯᠤᠭᠤᠳᠬᠠᠵᠤ᠂ ᠨᠡᠶᠢᠭᠡᠮ ᠪᠣᠯᠣᠨ ᠤᠯᠠᠨ ᠨᠡᠶᠢᠲᠡ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠤᠯᠠᠨ ᠲᠦᠮᠡᠨ ᠤ ᠲᠤᠰᠬᠠᠯ ᠲᠣᠪᠣᠶᠢᠮ᠎ᠠ ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠨ ᠴᠡᠭᠴᠡᠯᠡᠵᠦ᠂ ᠠᠵᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠪᠠᠶᠢᠩᠭᠤᠵᠢᠭᠤᠯᠤᠨ ᠶᠠᠪᠤᠭᠳᠠᠭᠤᠯᠬᠤ ᠶᠢ ᠠᠬᠢᠭᠤᠯᠬᠤ ᠬᠡᠷᠡᠭᠲᠡᠢ᠃     ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠭᠡᠷ ᠤᠨ ᠬᠠᠷᠢᠯᠴᠠᠬᠤ ᠬᠥᠮᠥᠨ᠄ ᠸᠠᠩ ᠬᠠᠢ ᠰᠢᠶᠠ    ᠬᠠᠷᠢᠯᠴᠠᠬᠤ ᠤᠲᠠᠰᠤ᠄ 13847144701                             ᠳᠡᠭᠡᠷ᠎ᠡ ᠲᠣᠬᠤᠢ ᠰᠢᠶᠠᠩ ᠤᠨ ᠠᠷᠠᠳ ᠤᠨ ᠵᠠᠰᠠᠭ ᠤᠨ ᠣᠷᠳᠣᠨ                                       2022 ᠣᠨ ᠤ 5 ᠰᠠᠷ᠎ᠠ ᠶᠢᠨ 17 ᠤ ᠡᠳᠦᠷ
 
ᠢᠷᠡᠯᠲᠡ᠄ ᠦᠴᠦᠸᠠᠨ ᠰᠢᠶᠠᠨ ᠤ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号