ᠼᠤᠤ ᠰᠧ ᠶᠠᠩ ᠣᠷᠣᠯᠴᠠᠵᠠᠢ | ︵ᠰᠤᠷᠪᠤᠯᠵᠢᠯᠠᠭᠴᠢ ᠮᠢᠶᠣᠣ ᠰᠢᠨ︶ 2 ᠳ᠋ᠤᠭᠠᠷ ᠰᠠᠷ᠎ᠠ ᠶᠢᠨ 17 ᠤ ᠡᠳᠦᠷ᠂ ᠬᠤᠳᠠ ᠶᠢᠨ ᠨᠠᠮ ᠤᠨ | ᠬᠤᠷᠢᠶ᠎ᠠ ᠶᠢᠨ ᠬᠥᠳᠡᠭᠡ ᠲᠣᠰᠬᠤᠨ ᠤ ᠠᠵᠢᠯ ᠤᠨ ᠬᠤᠷᠠᠯ ᠬᠤᠷᠠᠯᠳᠤᠪᠠ᠂ ᠬᠤᠷᠠᠯ ᠤᠨ ᠭᠤᠣᠯ ᠡᠭᠦᠷᠭᠡ ᠪᠣᠯ | ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠬᠤᠳᠠ ᠶᠢᠨ ᠣᠳᠣᠬᠠᠨ ᠤ ︽ᠬᠥᠳᠡᠭᠡ ᠠᠵᠤ | ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠪᠠ ᠡᠭᠦᠷᠭᠡ ᠶᠢ | ᠵᠠᠳᠠᠯᠵᠤ᠂ 2023 ᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ᠂ ᠮᠠᠯ ᠠᠵᠤ ᠠᠬᠤᠢ ᠲᠠᠷᠢᠶᠠᠯᠠᠩ ᠤᠨ ᠬᠦᠴᠦᠷᠬᠡᠭ | ᠬᠤᠳᠠ ᠶᠢᠨ ᠪᠦᠲᠦᠭᠡᠨ ᠪᠠᠶᠢᠭᠤᠯᠤᠯᠲᠠ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ | ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ | ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ | ᠱᠦᠵᠢ᠂ ᠬᠤᠲᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ | ᠳᠤᠭᠤᠶᠢᠯᠠᠩ ᠤᠨ ᠳᠠᠷᠤᠭ᠎ᠠ ᠼᠤᠤ ᠰᠧ ᠶᠠᠩ ᠬᠤᠷᠠᠯ ᠳᠤ ᠣᠷᠣᠯᠴᠠᠵᠤ᠂ ᠬᠤᠲᠠ ᠶᠢᠨ ᠤᠳᠤᠷᠢᠳᠤᠯᠭ᠎ᠠ ᠶᠦᠨ ᠰᠢᠨ | ᠮᠢᠩ ᠬᠤᠷᠠᠯ ᠢ ᠡᠷᠭᠢᠯᠡᠪᠡ᠃ | ᠬᠤᠷᠠᠯ ᠳᠡᠭᠡᠷ᠎ᠡ᠂ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠬᠤᠷᠢᠨᠭᠡᠷ ᠰᠢᠶᠠᠨ᠂ ᠦᠴᠦᠸᠠᠨ | ᠰᠢᠶᠠᠨ ᠠᠴᠠ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠬᠤᠲᠠ᠂ ᠰᠦ ᠶᠢᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢᠨ | ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ | ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃ |