ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/20
ᠾᠧ ᠬᠠᠢ ᠳ᠋ᠦᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠯᠢᠶᠠᠩ ᠵᠢᠩ ᠱᠤ᠋︶ 2 ᠳ᠋ᠤᠭᠠᠷ ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ︽ ︿ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠰᠠᠨᠠᠯ﹀ ᠢ ᠨᠠᠶᠢᠳᠠᠪᠤᠷᠢᠵᠢᠭᠤᠯᠬᠤ ᠠᠵᠢᠯ ᠤᠨ ᠬᠤᠪᠢᠶᠠᠷᠢᠯᠠᠯ ᠤᠨ ᠲᠥᠰᠥᠯ︾ ︽︿ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠶᠢ ᠲᠦᠷᠭᠡᠳᠬᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠬᠤᠪᠢᠶᠠᠷᠢᠯᠠᠯ ᠤᠨ ᠲᠥᠰᠥᠯ︾ ︽ ︿ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ﹀ ᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠥᠯ︾ ᠢ ᠬᠢᠨᠠᠨ ᠶᠠᠷᠢᠯᠴᠠᠵᠤ ᠵᠠᠷᠴᠢᠮ ᠳᠡᠭᠡᠷ᠎ᠡ ᠪᠠᠨ ᠪᠠᠲᠤᠯᠠᠵᠤ᠂ ᠮᠠᠨ ᠤ ᠬᠤᠲᠠ ᠶᠢᠨ 2023 ᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠤᠴᠢᠷ ᠶᠠᠪᠤᠳᠠᠯ ᠢ ᠰᠤᠳᠤᠯᠪᠠ᠃      ᠬᠤᠷᠠᠯ ᠠᠴᠠ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠬᠤ ᠪᠣᠯ ᠨᠠᠮ ᠤᠨ ᠲᠥᠪ ᠬᠤᠷᠢᠶ᠎ᠠ ᠠᠴᠠ ᠰᠢᠨ᠎ᠡ ᠬᠥᠭᠵᠢᠯᠲᠡ ᠶᠢᠨ ᠱᠠᠲᠤᠨ ᠳᠤ ᠭᠠᠷᠭᠠᠭᠰᠠᠨ ᠴᠢᠬᠤᠯᠠ ᠶᠡᠭᠡ ᠰᠢᠨᠵᠢᠯᠡᠬᠦ ᠤᠬᠠᠭᠠᠨᠴᠢ ᠮᠠᠭᠠᠳᠯᠠᠯᠲᠠ ᠪᠠ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠬᠠᠷᠠᠯᠲᠠ ᠶᠢ ᠴᠢᠩᠭ᠎ᠠ ᠠᠩᠬᠠᠷᠴᠤ᠂ ᠡᠭᠦᠷᠭᠡ ᠬᠠᠷᠠᠯᠲᠠ ᠶᠢᠨ ᠴᠠᠭ ᠤᠨ ᠵᠠᠩᠭᠢᠯᠠᠭ᠎ᠠ ᠶᠢᠨ ᠴᠡᠭ ᠢ ᠲᠣᠭᠲᠠᠭᠠᠵᠤ᠂ ᠴᠠᠭ ᠤᠨ ᠵᠠᠩᠭᠢᠯᠠᠭ᠎ᠠ ᠶᠢᠨ ᠴᠡᠭ ᠢᠶᠠᠷ ᠠᠵᠢᠯ ᠤᠨ ᠠᠬᠢᠴᠠ ᠪᠠᠨ ᠲᠣᠩᠭᠤᠷᠠᠭᠤᠯᠤᠨ ᠵᠢᠭᠰᠠᠭᠠᠵᠤ᠂ ᠠᠵᠢᠯ ᠤᠨ ᠡᠭᠦᠷᠭᠡ ᠶᠢ ᠴᠠᠭ ᠲᠤᠬᠠᠢ ᠳᠤᠨᠢ ᠠᠬᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ︔ ᠪᠣᠳᠠᠲᠠᠢ ᠠᠵᠢᠯ ᠤᠨ ᠡᠭᠦᠷᠭᠡ ᠳᠤ ᠲᠣᠭᠲᠠᠭᠰᠠᠨ ᠬᠤᠭᠤᠴᠠᠭ᠎ᠠ ᠲᠠᠢ ᠪᠠᠷ ᠲᠣᠬᠢᠷᠠᠭᠤᠯᠬᠤ ᠳᠦᠷᠢᠮ ᠢ ᠪᠠᠶᠢᠭᠤᠯᠵᠤ᠂ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠰᠢᠮᠳᠠᠭᠤᠯᠬᠤ ᠶᠢᠨ ᠬᠠᠮᠲᠤ ᠵᠠᠷᠯᠠᠨ ᠮᠡᠳᠡᠭᠡᠯᠡᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠲᠢᠩᠬᠢᠮ ᠲᠣᠪᠴᠢᠶ᠎ᠠ ᠲᠠᠢ ᠢᠳᠡᠪᠬᠢᠲᠡᠢ ᠵᠣᠯᠭᠠᠭᠤᠯᠵᠤ᠂ ︽︿ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠶᠢ ᠲᠦᠷᠭᠡᠳᠬᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠬᠤᠪᠢᠶᠠᠷᠢᠯᠠᠯ ᠤᠨ ᠲᠥᠰᠥᠯ︾ ︽ ︿ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ﹀ ᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠥᠯ︾ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠲᠠ ᠶᠢᠨ ᠱᠠᠲᠤᠨ ᠤ ᠲᠠᠰ ᠳᠠᠪᠬᠤᠷᠭ᠎ᠠ ᠶᠢᠨ ᠠᠵᠢᠯ ᠤᠨ ᠲᠤᠰᠬᠠᠢ ᠠᠩᠭᠢ ᠪᠠᠶᠢᠭᠤᠯᠤᠨ᠂ ᠠᠵᠢᠯ ᠢ ᠲᠥᠷᠥᠯ ᠵᠦᠢᠯ ᠪᠣᠯᠭᠠᠵᠤ᠂ ᠲᠥᠷᠥᠯ ᠵᠦᠢᠯ ᠢ ᠬᠠᠷᠢᠭᠤᠴᠠᠯᠭ᠎ᠠ ᠪᠣᠯᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠨ᠂ ᠡᠯ᠎ᠡ ᠵᠦᠢᠯ ᠤᠨ ᠠᠵᠢᠯ ᠤᠨ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠰᠢᠨ᠎ᠡ ᠪᠠᠷᠢᠮᠵᠢᠶ᠎ᠠ ᠶᠣᠰᠣᠭᠠᠷ ᠮᠠᠨ ᠤ ᠬᠤᠲᠠ ᠶᠢᠨ 2023 ᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢ ᠦᠨᠡᠨᠬᠦ ᠪᠣᠳᠠᠲᠠᠢ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号