ᠦᠴᠦᠸᠠᠨ ᠰᠢᠶᠠᠨ ᠤ ᠪᠠᠷᠠᠭᠤᠨ ᠤᠯᠠᠭᠠᠨᠪᠤᠯᠠᠭ ᠪᠠᠯᠭᠠᠰᠤ ︽ᠨᠠᠮ ᠤᠨ ᠲᠠᠭᠤᠨ ᠲᠦᠮᠡᠨ ᠡᠷᠦᠬᠡ ᠳᠤ ᠳᠠᠭᠤᠷᠢᠰᠬᠤ︾ ᠡᠮ ᠡᠮᠨᠡᠯᠭᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/2/20
     2 ᠰᠠᠷ᠎ᠠ ᠶᠢᠨ 16 ᠤ ᠡᠳᠦᠷ᠂ ᠦᠴᠦᠸᠠᠨ ᠰᠢᠶᠠᠨ ᠤ ᠪᠠᠷᠠᠭᠤᠨ ᠤᠯᠠᠭᠠᠨᠪᠤᠯᠠᠭ ᠪᠠᠯᠭᠠᠰᠤ ︽ᠨᠠᠮ ᠤᠨ ᠲᠠᠭᠤᠨ ᠲᠦᠮᠡᠨ ᠡᠷᠦᠬᠡ ᠳᠤ ᠳᠠᠭᠤᠷᠢᠰᠬᠤ︾ ᠡᠮ ᠡᠮᠨᠡᠯᠭᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠳᠤᠮᠳᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠳᠡᠳ᠋ ᠡᠷᠬᠢᠯᠡᠭᠴᠢ ᠡᠮᠴᠢ ᠵᠣᠣ ᠬᠤᠶ ᠹᠧᠩ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠵᠢᠴᠢ ᠰᠢᠨ᠎ᠡ ᠲᠢᠲᠢᠮᠯᠢᠭ ᠠᠭᠤᠰᠬᠢᠨ ᠥᠷᠪᠢᠰᠦᠯ ᠳᠤ ᠬᠠᠯᠳᠠᠪᠤᠷᠢᠯᠠᠭᠳᠠᠭᠰᠠᠨ ᠤ ᠳᠠᠷᠠᠭᠠᠬᠢ ᠲᠣᠰ ᠪᠡᠶ᠎ᠡ ᠶᠢᠨ ᠰᠤᠪᠢᠯᠠᠯᠲᠠ ᠵᠡᠷᠭᠡ ᠮᠡᠳᠡᠯᠭᠡ ᠶᠢ ᠣᠯᠠᠨ ᠳᠤ ᠲᠥᠬᠦᠮ ᠣᠶᠢᠯᠠᠭᠠᠮᠵᠢᠲᠠᠢ ᠪᠠᠷ ᠲᠠᠶᠢᠯᠪᠤᠷᠢᠯᠠᠨ ᠥᠭᠴᠡᠢ᠃ᠪᠠᠯᠭᠠᠰᠤᠨ ᠤ ᠲᠥᠪ ᠡᠷᠡᠭᠦᠯ ᠬᠠᠮᠠᠭᠠᠯᠠᠯ ᠤᠨ ᠬᠤᠷᠢᠶᠠᠨ ᠤ ᠡᠮᠴᠢ ᠢᠳᠡᠷ ᠥᠲᠡᠯᠦᠭᠡ ᠨᠠᠰᠤᠨ ᠤ ᠬᠥᠮᠥᠰ ᠲᠤ ᠰᠢᠨ᠎ᠡ ᠲᠢᠲᠢᠮᠯᠢᠭ ᠠᠭᠤᠰᠬᠢᠨ ᠥᠷᠪᠢᠰᠦᠯ ᠳᠤ ᠬᠠᠯᠳᠠᠪᠤᠷᠢᠯᠠᠭᠳᠠᠨ ᠠᠷᠭ᠎ᠠ ᠴᠢᠨᠠᠷ ᠢᠯᠡᠷᠡᠭᠰᠡᠳ ᠤᠨ ᠡᠷᠡᠭᠦᠯᠵᠢᠭᠰᠡᠨ ᠤ ᠳᠠᠷᠠᠭᠠᠬᠢ ᠠᠩᠬᠠᠷᠬᠤ ᠵᠦᠢᠯ ᠵᠢᠴᠢ ᠬᠢᠲᠠᠳ ᠡᠮᠨᠡᠯᠭᠡ ᠶᠢᠨ ᠪᠡᠶ᠎ᠡ ᠰᠤᠪᠢᠯᠠᠯᠲᠠ ᠶᠢᠨ ᠲᠠᠯ᠎ᠠ ᠶᠢᠨ ᠮᠡᠳᠡᠯᠭᠡ ᠶᠢ ᠲᠠᠶᠢᠯᠪᠤᠷᠢᠯᠠᠨ ᠥᠭᠴᠡᠢ᠃ᠡᠨᠡ ᠬᠤᠭᠤᠴᠠᠭᠠᠨ ᠳᠤ᠂ ᠪᠠᠯᠭᠠᠰᠤᠨ ᠤ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ ᠴᠢᠰᠤᠨ ᠳᠠᠷᠤᠯᠲᠠ ᠶᠢ ᠬᠡᠮᠵᠢᠬᠦ᠂ ᠴᠢᠰᠤᠨ ᠤ ᠬᠦᠴᠢᠯᠲᠥ᠋ᠷᠥᠭᠴᠢ ᠶᠢ ᠬᠡᠮᠵᠢᠬᠦ ᠵᠡᠷᠭᠡ ᠬᠡᠯᠪᠡᠷᠢ ᠪᠠᠷ ᠲᠣᠰᠬᠤᠨ ᠤ ᠠᠷᠠᠳ ᠲᠤ ᠰᠦᠢᠳᠬᠡᠯ ᠬᠤᠷᠢᠶᠠᠬᠤ ᠦᠭᠡᠢ ᠠᠯᠪᠠᠨ ᠵᠢᠷᠤᠮ ᠤᠨ ᠡᠮᠴᠢᠯᠡᠭᠡ ᠬᠢᠵᠦ᠂ ᠰᠦᠢᠳᠬᠡᠯ ᠬᠤᠷᠢᠶᠠᠬᠤ ᠦᠭᠡᠢ ᠡᠮ ᠤᠨ ᠵᠦᠢᠯᠡᠰ ᠢ ᠬᠤᠪᠢᠶᠠᠨ ᠲᠠᠷᠬᠠᠭᠠᠵᠠᠢ᠃      ᠲᠣᠰ ᠤᠳᠠᠭᠠᠨ ᠤ ᠠᠵᠢᠯᠯᠠᠭ᠎ᠠ ᠨᠢ ᠪᠠᠷᠠᠭᠤᠨ ᠤᠯᠠᠭᠠᠨᠪᠤᠯᠠᠭ ᠪᠠᠯᠭᠠᠰᠤ ᠵᠢᠴᠢ ᠠᠯᠪᠠᠨ ᠵᠢᠷᠤᠮ ᠤᠨ ᠡᠮᠴᠢᠯᠡᠭᠡ ᠳᠤ ᠣᠷᠣᠯᠴᠠᠭᠰᠠᠨ ᠡᠮᠴᠢᠯᠡᠭᠡᠨ ᠤ ᠪᠦᠯᠬᠦᠮ ᠤᠨ ᠬᠢᠨ  ᠤ ᠨᠠᠮ ᠤᠨ ᠲᠥᠪ ᠬᠤᠷᠢᠶᠠᠨ ᠤ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠵᠣᠷᠢᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠭᠦᠢᠴᠡᠳ ᠢᠯᠡᠷᠡᠭᠦᠯᠵᠦ᠂ ᠡᠷᠡᠭᠦᠯ ᠬᠠᠮᠠᠭᠠᠯᠠᠯ ᠤᠨ ᠡᠪᠡᠳᠴᠢᠨ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠦᠨ᠂ ᠰᠢᠨᠵᠢᠯᠡᠬᠦ ᠤᠬᠠᠭᠠᠨᠴᠢ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠣᠯᠠᠨ ᠲᠦᠮᠡᠨ ᠤ ᠡᠷᠡᠭᠦᠯ ᠮᠡᠨᠳᠦ ᠶᠢᠨ ᠤᠬᠠᠮᠰᠠᠷ ᠢ ᠪᠦᠲᠦᠮᠵᠢᠲᠡᠶ ᠪᠠᠷ ᠳᠡᠭᠡᠭᠰᠢᠯᠡᠭᠦᠯᠦᠨ᠂ ᠪᠣᠯᠪᠠᠰᠤᠨ ᠡᠷᠡᠭᠦᠯ ᠮᠡᠨᠳᠦ ᠶᠢᠨ ᠰᠢᠨ᠎ᠡ ᠬᠡᠪ ᠰᠤᠷᠲᠠᠯ ᠢ ᠦᠨᠡᠨ ᠬᠦ ᠪᠣᠶ ᠪᠣᠯᠭᠠᠭᠰᠠᠨ ᠪᠠᠶᠢᠨ᠎ᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号