ᠮᠤᠵᠢ ᠶᠢᠨ ᠵᠠᠮ ᠤᠨ 311 ᠱᠤᠭᠤᠮ ᠤᠨ ᠦᠴᠦᠸᠠᠨ ᠠᠴᠠ ᠶᠠᠩ ᠱᠣ᠋ ᠪᠠ ᠬᠦᠷᠬᠦ ᠬᠡᠰᠡᠭ ᠤᠨ ᠪᠠᠷᠢᠯᠭ᠎ᠠ ᠶᠢᠨ ᠠᠵᠢᠯ ᠢ ᠰᠡᠷᠭᠦᠭᠡᠪᠡ
ᠨᠡᠶᠢᠲᠡᠯᠡᠭᠰᠡᠨ ᠴᠠᠭ᠄
2023/2/20
     ᠰᠤᠷᠪᠤᠯᠵᠢᠯᠠᠭᠴᠢ ᠬᠥᠬᠡᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ ᠠᠴᠠ ᠣᠶᠢᠯᠠᠭᠠᠭᠰᠠᠨ ᠨᠢ᠂ ᠮᠤᠵᠢ ᠶᠢᠨ ᠵᠠᠮ ᠤᠨ 311 ᠱᠤᠭᠤᠮ ᠤᠨ ᠦᠴᠦᠸᠠᠨ ᠠᠴᠠ ᠶᠠᠩ ᠱᠣ᠋ ᠪᠠ ᠬᠦᠷᠬᠦ ᠬᠡᠰᠡᠭ ᠤᠨ ᠵᠠᠰᠠᠮᠠᠯ ᠵᠠᠮ ᠤᠨ ᠲᠥᠷᠥᠯ ᠵᠦᠢᠯ ᠣᠲᠣ ᠶᠠᠭ ᠡᠮᠬᠢ ᠵᠢᠷᠤᠮ ᠲᠠᠢ ᠪᠠᠷ ᠠᠵᠢᠯ ᠢᠶᠠᠨ ᠰᠡᠷᠭᠦᠭᠡᠵᠦ ᠪᠠᠶᠢᠨ᠎ᠠ᠃      ᠮᠤᠵᠢ ᠶᠢᠨ ᠵᠠᠮ ᠤᠨ 311 ᠱᠤᠭᠤᠮ ᠤᠨ ᠦᠴᠦᠸᠠᠨ ᠠᠴᠠ ᠶᠠᠩ ᠱᠣ᠋ ᠪᠠ ᠬᠦᠷᠬᠦ ᠵᠠᠰᠠᠮᠠᠯ ᠵᠠᠮ ᠤᠨ ᠲᠥᠷᠥᠯ ᠵᠦᠢᠯ ᠪᠣᠯ ᠥᠪᠡᠷᠲᠡᠭᠡᠨ ᠵᠠᠰᠠᠬᠤ ᠣᠷᠣᠨ ᠤ ᠪᠠᠶᠢᠭᠤᠯᠵᠤ ᠪᠠᠶᠢᠭ᠎ᠠ ᠭᠤᠣᠯᠳᠠᠯᠭ᠎ᠠ ᠲᠠᠢ ᠲᠥᠷᠥᠯ ᠵᠦᠢᠯ ᠪᠣᠯᠣᠨ᠎ᠠ᠃ ᠵᠠᠮ ᠳᠠᠭᠠᠤ 5 ᠰᠢᠶᠠᠩ ᠪᠠᠯᠭᠠᠰᠤ᠂ 22 ᠵᠠᠰᠠᠭ ᠵᠠᠬᠢᠷᠭᠠᠨ ᠤ ᠲᠣᠰᠬᠤᠨ ᠢᠶᠠᠷ ᠥᠩᠭᠡᠷᠡᠵᠦ᠂ ᠲᠡᠭᠦᠨ ᠢ ᠪᠠᠶᠢᠭᠤᠯᠵᠤ ᠲᠡᠷᠭᠡ ᠨᠡᠪᠲᠡᠷᠡᠭᠦᠯᠦᠭᠰᠡᠨ ᠨᠢ ᠦᠴᠦᠸᠠᠨ ᠰᠢᠶᠠᠨ ᠤ ᠣᠷᠣᠨ ᠪᠦᠰᠡ ᠶᠢᠨ ᠵᠠᠮ ᠬᠠᠷᠢᠯᠴᠠᠭᠠᠨ ᠤ ᠪᠠᠶᠢᠳᠠᠯ ᠢ ᠰᠠᠶᠢᠵᠢᠷᠠᠭᠤᠯᠬᠤ᠂ ᠵᠠᠰᠠᠮᠠᠯ ᠵᠠᠮ ᠤᠨ ᠲᠡᠭᠡᠭᠡᠪᠦᠷᠢ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠵᠠᠮ ᠳᠠᠭᠠᠤ ᠶᠢᠨ ᠣᠷᠣᠨ ᠪᠦᠰᠡ ᠶᠢᠨ ᠬᠠᠷᠢᠯᠴᠠᠭ᠎ᠠ ᠶᠢ ᠴᠢᠩᠭᠠᠳᠬᠠᠬᠤ᠂ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠵᠠᠮ ᠳᠠᠭᠠᠤ ᠶᠢᠨ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠴᠢᠬᠤᠯᠠ ᠦᠢᠯᠡᠳᠦᠯ ᠲᠠᠢ ᠶᠤᠮ᠃      ᠣᠳᠣᠬᠠᠨ ᠳᠤ ᠵᠠᠮ ᠤᠨ ᠰᠠᠭᠤᠷᠢ ᠶᠢᠨ ᠮᠠᠯᠲᠠᠬᠤ ᠳᠥᠷᠪᠡᠯᠵᠢᠨ ᠬᠡᠰᠡᠭ᠂ ᠪᠣᠯᠣᠳ ᠳᠣᠯᠭᠢᠶᠠᠨ ᠠᠷᠲᠤ ᠬᠤᠭᠤᠯᠠᠢ ᠶᠢ ᠤᠭᠰᠠᠷᠠᠬᠤ ᠠᠵᠢᠯ ᠢ ᠨᠢᠭᠡᠨᠲᠡ ᠡᠬᠢᠯᠡᠨ ᠬᠢᠵᠦ᠂ 2023 ᠣᠨ ᠳᠤ ᠭᠤᠣᠯ ᠴᠣᠭᠴᠠ ᠶᠢᠨ ᠪᠠᠷᠢᠯᠭ᠎ᠠ ᠶᠢᠨ ᠠᠵᠢᠯ ᠤᠨ ᠡᠭᠦᠷᠭᠡ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ᠲᠠᠷᠠᠭᠠᠴᠢ ᠶᠢᠨ ᠠᠯᠬᠤᠮ ᠳᠤ ᠳᠠᠭᠠᠭᠠᠴᠢᠯᠠᠨ ᠪᠠᠶᠢᠭᠤᠯᠬᠤ ᠨᠢᠭᠡᠴᠡ ᠦᠴᠦᠸᠠᠨ ᠤ ᠠᠭᠠᠷ ᠤᠨ ᠳᠤᠯᠠᠭᠠᠨ ᠤ ᠨᠥᠬᠦᠴᠡᠯ ᠢ ᠦᠨᠳᠦᠰᠦᠯᠡᠨ᠂ ᠵᠣᠬᠢᠬᠤ ᠠᠷᠭ᠎ᠠ ᠬᠡᠮᠵᠢᠶ᠎ᠡ ᠠᠪᠴᠤ ᠪᠠᠶᠢᠭᠠᠳ ᠠᠵᠢᠯ ᠢᠶᠠᠨ ᠪᠥᠬᠦ ᠲᠠᠯ᠎ᠠ ᠪᠠᠷ ᠰᠡᠷᠭᠦᠭᠡᠬᠦ ᠳᠤ ᠡᠷᠲᠡᠬᠡᠨ ᠡᠮᠬᠢ ᠵᠢᠷᠤᠮ ᠲᠠᠢ ᠣᠷᠣᠭᠤᠯᠵᠤ᠂ 2023 ᠣᠨ ᠤ ᠬᠠᠷᠠᠯᠲᠠ ᠶᠢᠨ ᠡᠭᠦᠷᠭᠡ ᠪᠠᠨ ᠤᠷᠤᠭᠰᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ
 
ᠢᠷᠡᠯᠲᠡ᠄ ᠦᠴᠦᠸᠠᠨ ᠰᠢᠶᠠᠨ ᠤ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号