︵ᠰᠤᠷᠪᠤᠯᠵᠢᠯᠠᠭᠴᠢ ᠮᠢᠶᠣᠣ ᠴᠢᠩ︶ ᠰᠤᠷᠪᠤᠯᠵᠢᠯᠠᠭᠴᠢ ᠮᠠᠨ ᠤ ᠬᠤᠲᠠ ᠶᠢᠨ ᠨᠡᠶᠢᠭᠡᠮ ᠤᠨ ᠳᠠᠭᠠᠳᠬᠠᠯ ᠤᠨ | ᠦᠢᠯᠡᠰ ᠤᠨ ᠦᠢᠯᠡᠴᠢᠯᠡᠭᠡᠨ ᠤ ᠲᠥᠪ ᠠᠴᠠ ᠣᠶᠢᠯᠠᠭᠠᠭᠰᠠᠨ ᠢᠶᠠᠷ᠂ ᠲᠤᠰ ᠲᠥᠪ ᠤᠨ ᠬᠢᠨ ᠤᠯᠤᠰ᠂ ᠥᠪᠡᠷᠲᠡᠭᠡᠨ | ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠤᠨ ᠬᠢᠷᠢ ᠬᠡᠮ ᠢ ᠭᠡᠷᠡᠴᠢᠯᠡᠬᠦ ᠬᠤᠯᠪᠣᠭᠳᠠᠯ ᠪᠦᠬᠦᠢ | ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ︽ᠢᠨᠲ᠋ᠧᠷ ᠰᠦᠯᠵᠢᠶ᠎ᠡ + ᠦᠢᠯᠡᠴᠢᠯᠡᠭᠡ︾ ᠶᠢᠨ ᠭᠡᠷᠡᠴᠢᠯᠡᠯ ᠤᠨ | ᠦᠢᠯᠡᠴᠢᠯᠡᠭᠡᠨ ᠤ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠨ ᠬᠡᠷᠡᠭᠯᠡᠵᠦ᠂ ᠰᠦᠯᠵᠢᠶᠡᠨ ᠳᠡᠭᠡᠷᠡᠬᠢ᠂ ᠰᠦᠯᠵᠢᠶᠡᠨ | ᠭᠠᠳᠠᠨᠠᠬᠢ ᠶᠢ ᠬᠠᠷᠢᠯᠴᠠᠨ ᠤᠶᠠᠯᠳᠤᠭᠤᠯᠤᠭᠰᠠᠨ ᠭᠡᠷᠡᠴᠢᠯᠡᠯ ᠤᠨ ᠠᠷᠭ᠎ᠠ ᠮᠠᠶ᠋ᠢᠭ ᠢ ᠥᠷᠨᠢᠭᠦᠯᠦᠨ᠂ ᠭᠡᠷᠡᠴᠢᠯᠡᠯ ᠤᠨ | ᠠᠷᠭ᠎ᠠ ᠮᠠᠶ᠋ᠢᠭ ᠢ ᠣᠯᠠᠨ ᠡᠰᠢᠵᠢᠭᠦᠯᠵᠦ᠂ ᠳᠥᠭᠦᠮ ᠳᠥᠲᠡ ᠪᠣᠯᠭᠠᠵᠤ᠂ ᠵᠢᠷᠤᠮᠵᠢᠭᠤᠯᠤᠨ᠂ ᠭᠡᠷᠡᠴᠢᠯᠡᠯ ᠢ | ᠦᠢᠯᠡᠴᠢᠯᠡᠭᠡᠨ ᠳᠤ ᠠᠬᠤᠭᠤᠯᠬᠤ᠂ ᠭᠡᠷᠡᠴᠢᠯᠡᠯ ᠢ ᠮᠡᠳᠡᠭᠳᠡᠬᠦ ᠦᠭᠡᠢ ᠪᠠᠶᠢᠳᠠᠯ ᠳᠤ ᠠᠬᠤᠭᠤᠯᠬᠤ ᠶᠢ ᠴᠢᠷᠮᠠᠶᠢᠨ | ᠪᠡᠶᠡᠯᠡᠭᠦᠯᠵᠦ᠂ ᠠᠵᠢᠯ ᠠᠴᠠ ᠪᠠᠨ ᠠᠮᠠᠷᠠᠭᠰᠠᠳ ᠲᠤ ᠬᠠᠷᠰᠢ ᠪᠣᠯᠬᠤ ᠶᠢ ᠠᠯᠢ ᠴᠢᠳᠠᠬᠤ ᠪᠠᠷ ᠪᠠᠭᠠᠰᠬᠠᠨ᠂ ᠠᠵᠤ | ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ᠂ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯ | ᠠᠴᠠ ᠪᠠᠨ ᠠᠮᠠᠷᠠᠭᠰᠠᠳ ᠤᠨ ᠭᠡᠷᠡᠴᠢᠯᠡᠯ ᠤᠨ ᠠᠵᠢᠯ ᠢ ᠴᠥᠬᠦᠷᠡᠰᠢ ᠦᠭᠡᠢ ᠥᠷᠨᠢᠭᠦᠯᠪᠡ᠃ ᠡᠭᠦᠨ ᠤ | ᠵᠡᠷᠭᠡ ᠪᠠᠷ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠤᠨ ᠬᠢᠷᠢ ᠬᠡᠮ ᠤᠨ ᠳᠥᠭᠦᠮ ᠳᠥᠲᠡ | ᠣᠯᠠᠨ ᠡᠰᠢᠵᠢᠭᠦᠯᠦᠭᠰᠡᠨ ᠭᠡᠷᠡᠴᠢᠯᠡᠯ ᠨᠢ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ︽ᠠᠯᠳᠠᠭᠳᠠᠵᠤ | ᠣᠷᠤᠰᠬᠤ︾ ᠦᠵᠡᠭᠳᠡᠯ ᠢ ᠲᠠᠰᠤ ᠵᠣᠭᠰᠣᠭᠠᠵᠤ᠂ ᠣᠯᠠᠨ ᠲᠦᠮᠡᠨ ᠤ ︽ᠨᠠᠰᠤᠵᠢᠯ ᠤᠨ ᠠᠰᠠᠷᠠᠮᠵᠢ ᠶᠢᠨ ᠮᠥᠩᠭᠦ︾ | ︽ᠠᠮᠢ ᠵᠢᠭᠤᠬᠤ ᠮᠥᠩᠭᠦ︾ ᠪᠦᠷᠢ ᠶᠢ ᠰᠠᠶᠢᠲᠤᠷ ᠬᠠᠮᠠᠭᠠᠯᠠᠭᠰᠠᠨ ᠪᠠᠶᠢᠨ᠎ᠠ᠃ | ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠤᠨ ᠬᠢᠷᠢ ᠬᠡᠮ ᠤᠨ ᠭᠡᠷᠡᠴᠢᠯᠡᠯ ᠪᠣᠯ ᠨᠠᠰᠤᠵᠢᠯ ᠤᠨ | ᠠᠰᠠᠷᠠᠮᠵᠢ ᠶᠢᠨ ᠮᠥᠩᠭᠦ ᠶᠢ ᠵᠣᠷᠢᠭᠤᠳᠠ ᠬᠠᠭᠤᠷᠮᠠᠭᠯᠠᠨ ᠠᠪᠬᠤ ᠶᠢ ᠰᠡᠷᠭᠡᠶᠢᠯᠡᠬᠦ᠂ ᠨᠡᠶᠢᠭᠡᠮ ᠤᠨ ᠪᠠᠲᠤᠯᠠᠭ᠎ᠠ ᠶᠢᠨ | ᠰᠠᠭᠤᠷᠢ ᠮᠥᠩᠭᠦ ᠠᠯᠳᠠᠭᠳᠠᠬᠤ ᠶᠢ ᠰᠡᠷᠭᠡᠶᠢᠯᠡᠬᠦ ᠴᠢᠬᠤᠯᠠ ᠠᠷᠭ᠎ᠠ ᠬᠡᠮᠵᠢᠶ᠎ᠡ ᠮᠥᠨ᠃ ᠬᠥᠬᠡᠬᠤᠲᠠ ᠶᠢᠨ ᠨᠡᠶᠢᠭᠡᠮ ᠤᠨ | ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠨᠢ ᠬᠠᠷᠠᠭᠠᠯᠵᠠᠯ ᠠᠪᠤᠭᠰᠠᠨ ᠭᠡᠷᠡᠴᠢᠯᠡᠭᠡᠳᠦᠢ ᠬᠥᠮᠥᠰ ᠪᠠ | ᠪᠤᠰᠤᠳ ᠠᠷᠭ᠎ᠠ ᠪᠠᠷᠢᠯ ᠢᠶᠠᠷ ᠲᠣᠰ ᠬᠥᠮᠥᠨ ᠲᠠᠢ ᠨᠢ ᠬᠠᠷᠢᠯᠴᠠᠬᠤ ᠶᠢᠨ ᠠᠷᠭ᠎ᠠ ᠦᠭᠡᠢ ᠬᠥᠮᠥᠰ ᠤᠨ ᠬᠠᠷᠠᠭᠠᠯᠵᠠᠯ ᠢ | ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠠᠴᠠ ᠲᠦᠷ ᠵᠣᠭᠰᠤᠭᠠᠬᠤ | ᠭᠠᠷᠳᠠᠮ ᠭᠦᠢᠴᠡᠳᠬᠡᠵᠦ ᠂ ᠬᠠᠷᠠᠭᠠᠯᠵᠠᠯ ᠢ ᠨᠢ ᠲᠦᠷ ᠵᠣᠭᠰᠤᠭᠠᠬᠤ ᠭᠠᠷᠳᠠᠮ ᠭᠦᠢᠴᠡᠳᠬᠡᠭᠰᠡᠨ ᠬᠥᠮᠥᠰ ᠬᠡᠷᠪᠡ 3 | ᠰᠠᠷ᠎ᠠ ᠶᠢᠨ ᠳᠣᠲᠣᠷ᠎ᠠ ᠣᠨᠳᠣᠣ ᠰᠠᠨᠠᠯ ᠳᠤᠷᠠᠳᠬᠤ ᠬᠥᠮᠥᠨ ᠦᠭᠡᠢ ᠪᠣᠯ ᠬᠠᠷᠠᠭᠠᠯᠵᠠᠯ ᠢ ᠨᠢ ᠵᠣᠭᠰᠣᠭᠠᠨ᠎ᠠ᠃ | ︽ᠮᠠᠨ ᠤ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠤᠨ ᠬᠢᠷᠢ ᠬᠡᠮ ᠢᠶᠠᠨ ᠭᠡᠷᠡᠴᠢᠯᠡᠬᠦ | ᠬᠥᠮᠥᠨ ᠵᠢᠯ ᠪᠦᠷᠢ ︿ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ﹀ | ᠪᠠᠷ ᠳᠡᠮᠵᠢᠨ ᠥᠪᠡᠰᠦᠪᠡᠨ ᠭᠡᠷᠡᠴᠢᠯᠡᠭᠡ ᠬᠢᠵᠦ ᠪᠣᠯᠣᠨ᠎ᠠ᠂ ᠭᠠᠷ ᠤᠲᠠᠰᠤᠨ ᠤ App ᠪᠠᠷ ᠭᠡᠷᠡᠴᠢᠯᠡᠭᠡ ᠬᠢᠵᠦ | ᠴᠢᠳᠠᠬᠤ ᠦᠭᠡᠢ ᠬᠥᠮᠥᠰ ᠵᠢᠴᠢ ᠶᠠᠪᠤᠵᠤ ᠰᠠᠭᠤᠬᠤ ᠳᠤ ᠳᠥᠭᠦᠮ ᠦᠭᠡᠢ ᠮᠥᠷᠲᠡᠭᠡᠨ ᠦᠷ᠎ᠡ ᠬᠡᠦᠬᠡᠳ ᠪᠠ ᠲᠥᠷᠥᠯ | ᠰᠠᠳᠤᠨ ᠨᠢ ᠭᠠᠷ ᠤᠲᠠᠰᠤ ᠪᠠᠷ ᠭᠡᠷᠡᠴᠢᠯᠡᠬᠦ ᠳᠤ ᠬᠠᠪᠰᠤᠷᠴᠤ ᠳᠡᠶᠢᠯᠬᠦ ᠦᠭᠡᠢ ᠠᠵᠢᠯ ᠠᠴᠠ ᠪᠠᠨ ᠠᠮᠠᠷᠠᠭᠰᠠᠳ ᠲᠤ | ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠤᠨ ᠠᠵᠢᠯᠲᠠᠨ ᠠᠴᠠ ᠵᠢᠭᠠᠨ ᠵᠢᠯᠤᠭᠤᠳᠴᠤ ᠭᠡᠷᠡᠴᠢᠯᠡᠭᠦᠯᠬᠦ ᠪᠤᠶᠤ | ᠤᠲᠠᠰᠤ ᠪᠠᠷ ᠬᠥᠬᠡᠬᠤᠲᠠ ᠶᠢᠨ ᠨᠡᠶᠢᠭᠡᠮ ᠤᠨ ᠳᠠᠭᠠᠳᠬᠠᠯ ᠤᠨ ᠲᠥᠪ ᠲᠠᠢ ᠬᠠᠷᠢᠯᠴᠠᠵᠤ ᠠᠵᠢᠯᠲᠠᠨ ᠲᠣᠬᠢᠷᠠᠭᠤᠯᠵᠤ | ᠦᠢᠯᠡᠴᠢᠯᠡᠭᠦᠯᠵᠦ ᠪᠣᠯᠣᠨ᠎ᠠ︾ ᠭᠡᠵᠦ ᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ | ᠲᠥᠪ ᠤᠨ ᠳᠡᠳ᠋ ᠰᠠᠯᠠᠭᠠᠨ ᠳᠠᠷᠤᠭ᠎ᠠ ᠾᠧ ᡁᠢ ᠲᠢᠶᠠᠨ ᠬᠡᠯᠡᠵᠡᠢ᠃ | ᠡᠭᠦᠨ ᠠᠴᠠ ᠭᠠᠳᠠᠨ᠎ᠠ᠂ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠭᠠᠳᠠᠷ ᠮᠤᠵᠢ ᠬᠤᠲᠠ ᠳᠤ ᠰᠠᠭᠤᠵᠤ | ᠪᠠᠶᠢᠭ᠎ᠠ᠂ ᠭᠠᠷ ᠤᠲᠠᠰᠤᠨ ᠤ App ᠪᠠᠷ ᠬᠡᠷᠡᠴᠢᠯᠡᠭᠡ ᠬᠢᠵᠦ ᠴᠢᠳᠠᠬᠤ ᠦᠭᠡᠢ ᠪᠤᠶᠤ ᠬᠡᠷᠡᠭᠯᠡᠵᠦ ᠳᠡᠶᠢᠯᠬᠦ ᠦᠭᠡᠢ | ᠬᠥᠮᠥᠰ ᠪᠠᠰᠠ ᠸᠢᠴᠠᠲ ᠤᠨ ᠸᠢᠳᠢᠤ᠋᠂ ᠤᠲᠠᠰᠤ ᠪᠠᠷ ᠬᠠᠷᠢᠯᠴᠠᠵᠤ ᠭᠡᠷᠡᠴᠢᠯᠡᠯ ᠬᠢᠯᠭᠡᠵᠦ ᠪᠣᠯᠣᠨ᠎ᠠ᠃ |