ᠦᠴᠦᠸᠠᠨ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ  ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2023/2/21
    2 ᠰᠠᠷ᠎ᠠ ᠶᠢᠨ 13  ᠤ ᠡᠳᠦᠷ᠂ ᠦᠴᠦᠸᠠᠨ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ︔ᠬᠤᠲᠠ   ᠶᠢᠨ ᠭᠠᠶᠢᠯᠢ   ᠶᠢᠨ ᠲᠣᠪᠴᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃      ᠬᠤᠷᠠᠯ ᠳᠡᠭᠡᠷ᠎ᠡ᠂ 2021 ᠣᠨ ᠤ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠭᠠᠶᠢᠯᠢ ᠲᠠᠲᠠᠪᠤᠷᠢ ᠶᠢᠨ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠭᠠᠶᠢᠯᠢ ᠲᠤᠰᠢᠶᠠᠭᠴᠢ ᠶᠢᠨ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠬᠦ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ 2022 ᠣᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ᠳᠠᠷᠠᠭ᠎ᠠ ᠳᠤᠨᠢ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠨᠢᠭᠡᠳ ᠨᠢᠭᠡ ᠪᠠᠷ ᠬᠤᠪᠢ ᠬᠥᠮᠥᠨ ᠢ ᠬᠠᠷᠢᠴᠠᠭᠤᠯᠤᠨ ᠪᠠᠶᠢᠴᠠᠭᠠᠬᠤ ᠶᠠᠷᠢᠶ᠎ᠠ ᠲᠠᠯᠪᠢᠵᠤ᠂ ᠤᠯᠠᠨ ᠢᠶᠠᠷ ᠢᠶᠠᠨ ᠭᠤᠣᠯ ᠰᠡᠳᠦᠪ ᠲᠠᠢ ᠨᠢᠭᠲᠠ ᠤᠶᠠᠯᠳᠤᠭᠤᠯᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠪᠠᠷ ᠥᠷᠨᠢᠭᠦᠯᠪᠡ᠃      ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢᠨ ᠲᠥᠯᠥᠭᠡ᠂ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠨᠠᠷ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠰᠤᠷᠤᠯᠴᠠᠵᠤ ᠰᠤᠳᠤᠯᠤᠨ ᠶᠠᠷᠢᠯᠴᠠᠵᠤ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠶᠢ ᠭᠦᠨᠵᠡᠭᠡᠢ ᠥᠷᠨᠢᠭᠦᠯᠵᠦ᠂ ᠲᠣᠪᠣᠶᠢᠮ᠎ᠠ ᠠᠰᠠᠭᠤᠳᠠᠯ ᠢ ᠭᠦᠨᠵᠡᠭᠡᠢ ᠪᠠᠶᠢᠴᠠᠭᠠᠨ ᠳᠡᠯᠭᠡᠵᠦ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠨᠠᠷᠢᠨ ᠬᠢᠨᠠᠮᠠᠭᠠᠢ ᠲᠤᠭᠤᠷᠪᠢᠵᠤ᠂ ᠡᠯ᠎ᠡ ᠵᠦᠢᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠢᠨᠠᠷ ᠰᠠᠶᠢᠲᠠᠢ᠂ ᠦᠷ᠎ᠡ ᠪᠦᠲᠦᠮᠵᠢ ᠣᠯᠬᠤ ᠶᠢ ᠪᠠᠲᠤᠯᠠᠵᠠᠢ᠃      ᠶᠠᠩ ᠰᠢᠩ ᠱᠧᠩ ᠵᠢᠭᠠᠵᠤ ᠭᠠᠷᠭᠠᠭᠰᠠᠨ ᠨᠢ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ‌‍ᠲ᠋ᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠬᠤᠷᠢᠶ᠎ᠠ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠴᠢᠩᠭ᠎ᠠ ᠠᠳᠬᠤᠨ ᠪᠣᠳᠠᠲᠠᠢ ᠠᠳᠬᠤᠵᠤ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠭᠰᠠᠨ︾ ᠢ ᠡᠷᠡᠰ ᠬᠠᠮᠠᠭᠠᠯᠠᠬᠤ᠂︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠦᠷᠦ ᠶᠢᠨ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠬᠤ ᠬᠡᠷᠡᠭᠲᠡᠢ᠃ᠰᠤᠷᠤᠯᠴᠠᠯᠭ᠎ᠠ ᠶᠢ ᠪᠦᠬᠦ ᠲᠠᠯ᠎ᠠ ᠪᠠᠷ  ᠰᠢᠰᠲ᠋ᠧᠮ ᠲᠠᠢ ᠠᠳᠬᠤᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠵᠤ ᠰᠦᠭ ᠰᠦᠨᠡᠰᠦ ᠪᠠᠨ ᠱᠣᠭᠤᠵᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠶᠢᠨ ᠬᠠᠷᠢᠭᠤᠴᠠᠯᠭ᠎ᠠ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠪᠦᠯᠬᠦᠮᠳᠡᠭᠦᠯᠦᠨ ᠳᠠᠭᠠᠭᠤᠯᠵᠤ ᠰᠢᠨ᠎ᠡ ᠠᠶᠠᠨ ᠵᠠᠮ ᠳᠤ ᠭᠠᠶᠢᠯᠢ ᠲᠠᠲᠠᠪᠤᠷᠢ ᠶᠢᠨ ᠣᠳᠣᠬᠢᠴᠢᠯᠠᠯᠲᠠ ᠶᠢᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠬᠤ ᠶᠢ ᠬᠦᠴᠦᠯᠡᠨ ᠠᠬᠢᠭᠤᠯᠵᠤ᠂ ᠭᠠᠶᠢᠯᠢ ᠲᠠᠲᠠᠪᠤᠷᠢ ᠶᠢᠨ ᠰᠠᠭᠤᠷᠢᠯᠠᠬᠤ ᠴᠢᠨᠠᠷᠲᠠᠢ᠂ ᠲᠤᠯᠭᠠᠭᠤᠷᠢᠯᠠᠬᠤ ᠴᠢᠨᠠᠷᠲᠠᠢ᠂ ᠪᠠᠲᠤᠯᠠᠭ᠎ᠠ ᠶᠢᠨ ᠴᠢᠨᠠᠷᠲᠠᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ 2023 ᠣᠨ ᠤ ᠠᠵᠢᠯ ᠤᠨ ᠲᠠᠯ᠎ᠠ ᠪᠠᠷ ᠨᠡᠩ ᠶᠡᠭᠡ ᠠᠮᠵᠢᠯᠲᠠ ᠪᠦᠲᠦᠮᠵᠢ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠦᠴᠦᠸᠠᠨ ᠰᠢᠶᠠᠨ ᠤ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号