ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ2023 ᠣᠨ ᠤ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/21
     2 ᠰᠠᠷ᠎ᠠ ᠶᠢᠨ 14  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ᠳᠥᠷᠪᠡᠨ ᠠᠵᠤ ᠦᠢᠯᠡᠰ ᠤᠨ ᠰᠠᠭᠤᠷᠢᠨ ᠭᠠᠵᠠᠷ ᠤᠨ ᠬᠡᠷᠡᠭᠵᠢᠭᠦᠯᠬᠦ ᠲᠥᠰᠥᠯ ᠵᠢᠴᠢ ᠠᠭᠤᠷᠬᠠᠢ ᠶᠢᠨ ᠭᠠᠷᠤᠯᠲᠠ ᠶᠢᠨ ᠦᠨᠡᠮᠯᠡᠯ ᠢ ᠦᠷᠭᠦᠯᠵᠢᠯᠡᠭᠦᠯᠬᠦ ᠬᠤᠯᠪᠣᠭᠳᠠᠯ ᠪᠦᠬᠦᠢ ᠵᠦᠢᠯᠡᠰ ᠢ ᠬᠢᠨᠠᠨ ᠵᠥᠪᠯᠡᠪᠡ︔ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠡᠭᠦᠳᠦᠨ ᠪᠠᠶᠢᠭᠤᠯᠬᠤ ᠶᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠣᠷᠣᠨ ᠤ ᠲᠥᠪ ᠤᠨ ᠨᠢᠭᠡᠳᠦᠭᠡᠷ ᠤᠯᠠᠷᠢᠯ ᠤᠨ ᠠᠵᠤ ᠠᠬᠤᠢ ᠶᠢᠨ︽ᠰᠠᠶᠢᠨ ᠡᠬᠢᠯᠡᠯᠲᠡ︾ ᠶᠢ ᠪᠡᠶᠡᠯᠡᠭᠦᠯᠬᠦ ᠬᠠᠷᠠᠯᠲᠠ ᠶᠢᠨ ᠱᠠᠭᠠᠷᠳᠠᠯᠭ᠎ᠠ ᠶᠣᠰᠣᠭᠠᠷ᠂ ︽ᠡᠬᠢᠯᠡᠯᠲᠡ ᠶᠢᠨ ᠠᠵᠢᠯ ᠪᠣᠯ ᠰᠢᠪᠲᠤᠯᠤᠯᠲᠠ ᠶᠢᠨ ᠠᠵᠢᠯ ᠮᠥᠨ᠂ ᠡᠬᠢᠯᠡᠯᠲᠡ ᠶᠢᠨ ᠠᠵᠢᠯ ᠪᠣᠯ ᠰᠢᠢᠳᠪᠦᠷᠢᠲᠦ ᠳᠠᠶᠢᠯᠠᠯᠳᠤᠭᠠᠨ ᠮᠥᠨ︾ᠭᠡᠬᠦ ᠡᠷᠡᠰ ᠵᠣᠷᠢᠭ ᠪᠣᠯᠣᠨ ᠣᠪᠣᠷ ᠢᠶᠠᠷ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠪᠡᠯᠡ ᠮᠥᠩᠭᠦ ᠣᠯᠬᠤ ᠪᠠ ᠠᠵᠤ ᠠᠬᠤᠶᠢᠯᠠᠯ ᠤᠨ ᠠᠵᠢᠯᠯᠠᠭᠠᠨ ᠵᠡᠷᠭᠡ ᠡᠯ᠎ᠡ ᠲᠠᠯ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ︔ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ  ᠨᠢ ᠬᠦᠴᠦᠯᠡᠵᠦ᠂ ᠨᠢᠭᠡᠳᠦᠭᠡᠷ ᠭᠠᠷ ᠪᠡᠶ᠎ᠡ ᠪᠠᠷ ᠢᠶᠠᠨ ᠠᠳᠬᠤᠵᠤ᠂ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ᠂ ᠥᠨᠳᠥᠷ ᠪᠠᠷᠢᠮᠵᠢᠶ᠎ᠠ ᠪᠠᠷ ᠠᠷᠭ᠎ᠠ ᠰᠦᠪᠡᠭᠴᠢᠯᠡᠨ ᠠᠬᠢᠭᠤᠯᠵᠤ᠂ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠯᠦᠭᠡ ᠶᠢᠨ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠤᠷᠢᠳᠠᠪᠠᠷ ᠰᠠᠶᠢᠲᠤᠷ ᠠᠳᠬᠤᠬᠤ ᠬᠡᠷᠡᠭᠲᠡᠢ︔ᠰᠢᠨᠵᠢᠯᠡᠬᠦ ᠤᠬᠠᠭᠠᠨᠴᠢ ᠠᠵᠢᠯ ᠤᠨ ᠠᠷᠭ᠎ᠠ ᠶᠢ ᠡᠵᠡᠮᠰᠢᠵᠦ᠂ ᠠᠵᠢᠯ ᠤᠨ ᠠᠷᠭ᠎ᠠ ᠬᠡᠯᠪᠡᠷᠢ ᠪᠠᠨ ᠬᠠᠯᠠᠨ ᠰᠠᠶᠢᠵᠢᠷᠠᠭᠤᠯᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠪᠠᠷ ᠠᠵᠢᠯ ᠤᠨ ᠪᠠᠶᠢᠳᠠᠯ ᠢ ᠨᠡᠭᠡᠭᠡᠬᠦ ᠰᠢᠪᠲᠤᠯᠤᠯᠲᠠ ᠶᠢᠨ ᠴᠡᠭ ᠪᠣᠯᠭᠠᠵᠤ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢ ᠴᠢᠷᠮᠠᠶᠢᠨ ᠰᠢᠪᠲᠤᠯᠵᠤ᠂ ᠪᠦᠬᠦ ᠵᠢᠯ ᠤᠨ ᠬᠥᠭᠵᠢᠯᠲᠡ ᠶᠢᠨ ᠬᠠᠷᠠᠯᠲᠠ ᠶᠢ ᠤᠷᠤᠭᠰᠢᠲᠠᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠪᠦᠬᠦ ᠰᠢᠶᠠᠨ ᠢᠶᠠᠷ ᠢᠶᠠᠨ ᠦᠳᠲᠡᠷ ᠲᠦᠷᠭᠡᠨ ᠬᠥᠳᠡᠯᠦᠯᠴᠡᠵᠦ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠬᠤ᠂ ᠶᠡᠬᠡᠪᠡᠷ ᠠᠵᠢᠯᠯᠠᠵᠤ ᠲᠦᠷᠭᠡᠨ ᠳᠠᠪᠰᠢᠬᠤ ᠠᠵᠢᠯ ᠤᠨ ᠪᠠᠶᠢᠳᠠᠯ ᠢ ᠪᠦᠷᠢᠯᠳᠦᠭᠦᠯᠵᠦ᠂ ᠬᠠᠷᠢᠭᠤᠴᠠᠯᠭ᠎ᠠ ᠪᠠᠨ ᠤᠯᠠᠮ ᠴᠢᠨᠠᠭᠰᠢᠳᠠ ᠲᠣᠳᠣᠷᠬᠠᠶᠢᠯᠠᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠤᠪᠢᠰᠬᠠᠯ ᠤᠨ ᠳᠤᠷᠠᠰᠬᠠᠯᠲᠤ ᠵᠤᠭᠠᠴᠠᠯ᠂ ᠪᠡᠶ᠎ᠡ ᠶᠢᠨ ᠲᠠᠮᠢᠷ ᠤᠨ ᠵᠤᠭᠠᠴᠠᠯ ᠰᠡᠯᠡᠭᠦᠴᠡᠯ᠂ ᠡᠷᠡᠭᠦᠯᠵᠢᠯ ᠰᠤᠪᠢᠯᠠᠯᠲᠠ ᠶᠢᠨ ᠵᠤᠭᠠᠴᠠᠯ᠂ ᠰᠣᠶᠣᠯ ᠤᠨ ᠪᠠᠶᠠᠷ ᠳᠤᠷᠠᠰᠬᠠᠯ ᠤᠨ ᠡᠳᠦᠷ ᠵᠡᠷᠭᠡ ᠰᠣᠶᠣᠯ ᠵᠤᠭᠠᠴᠠᠯ ᠤᠨ ᠲᠦᠷᠦᠯ ᠲᠡᠮᠳᠡᠭ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ᠮᠠᠨ ᠤ ᠰᠢᠶᠠᠨ ᠤ ᠵᠢᠭᠤᠯᠴᠢᠯᠠᠯ ᠤᠨ ᠠᠮᠢ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠲᠠᠢ ᠤᠶᠠᠯᠳᠤᠭᠤᠯᠤᠨ᠂ ᠬᠤᠪᠢᠰᠬᠠᠯ ᠤᠨ ᠰᠣᠶᠣᠯ ᠢ ᠤᠯᠠᠮᠵᠢᠯᠠᠨ ᠪᠠᠳᠠᠷᠠᠭᠤᠯᠵᠤ᠂ ᠠᠮᠢ ᠠᠬᠤᠢ ᠶᠢᠨ ᠵᠢᠭᠤᠯᠴᠢᠯᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠬᠠᠳᠠᠭ ᠤᠨ ᠥᠨᠳᠦᠷᠯᠢᠭ ᠤᠨ ᠮᠠᠯᠵᠢᠯ ᠤᠨ ᠲᠠᠯᠠᠪᠠᠶ ᠪᠠ ᠨᠠᠭᠤᠷ ᠤᠨ ᠲᠠᠯ᠎ᠠ ᠨᠤᠲᠤᠭ ᠤᠨ ᠦᠵᠡᠮᠵᠢ ᠶᠢᠨ ᠣᠷᠣᠨ ᠢᠶᠠᠷ ᠭᠤᠣᠯ ᠪᠣᠯᠭᠠᠭᠰᠠᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ᠃ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠨᠠᠶᠢᠳᠠᠪᠤᠷᠢᠵᠢᠭᠤᠯᠤᠯᠲᠠ ᠪᠠᠨ ᠴᠢᠩᠭᠠᠳᠬᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠨᠠᠷᠢᠨ ᠵᠦᠢᠯᠡᠰ ᠪᠣᠯᠭᠠᠨ ᠳᠤ ᠬᠦᠴᠦ ᠣᠷᠣᠭᠤᠯᠬᠤ ᠶᠢ ᠴᠢᠬᠤᠯᠠᠴᠢᠯᠠᠵᠤ᠂ ᠮᠠᠨ ᠤ ᠰᠢᠶᠠᠨ ᠤ ᠰᠣᠶᠣᠯ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠠᠭᠤᠰᠤᠯᠴᠠᠨ ᠬᠥᠭᠵᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠪᠡ᠃      ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠵᠠᠢ᠃
 
ᠢᠷᠡᠯᠲᠡ᠄ ᠦᠴᠦᠸᠠᠨ ᠰᠢᠶᠠᠨ ᠤ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号