ᠦᠴᠦᠸᠠᠨ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠣᠯᠣᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/21
     2 ᠰᠠᠷ᠎ᠠ ᠶᠢᠨ 17 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠷᠧᠨ ᠶᠠᠨ ᠰᠢᠶᠠᠩ ᠦᠴᠦᠸᠠᠨ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠣᠯᠣᠳᠤᠭᠠᠷ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠠᠨ ᠶᠦᠩ᠂ ᠰᠢᠩ ᡁᠢ ᠾᠧᠩ᠂ ᠯᠢᠦᠢ ᠪᠢᠶᠣᠣ᠂ ᠯᠢ ᠾᠦᠢ ᠬᠤᠷᠠᠯ ᠳᠤ ᠣᠷᠣᠯᠴᠠᠵᠤ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠮᠣ᠋ ᠶᠤᠸᠠᠨ ᡁᠢ ᠵᠢᠴᠢ ᠰᠢᠶᠠᠨ ᠤ ᠬᠢᠨᠠᠨ ᠪᠠᠶᠢᠴᠠᠭᠠᠬᠤ ᠵᠥᠪᠯᠡᠯ᠂ ᠰᠢᠶᠠᠨ ᠤ ᠠᠷᠠᠳ ᠤᠨ ᠰᠢᠭᠦᠬᠦ ᠬᠤᠷᠢᠶ᠎ᠠ᠂ ᠰᠢᠶᠠᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠬᠤᠷᠠᠯ ᠤᠨ ᠵᠥᠪᠯᠡᠬᠦ ᠵᠦᠢᠯ ᠵᠢᠴᠢ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠵᠦᠢᠯᠡᠰ ᠢ ᠪᠠᠲᠤᠯᠠᠭᠰᠠᠨ ᠪᠥᠭᠡᠳ ᠲᠤᠰᠢᠶᠠᠯ ᠳᠤ ᠲᠣᠮᠢᠯᠠᠭᠳᠠᠭᠰᠠᠳ ᠲᠤ ᠲᠤᠰᠢᠶᠠᠯ ᠳᠤ ᠲᠣᠮᠢᠯᠠᠬᠤ ᠪᠢᠴᠢᠭ ᠣᠯᠭᠤᠵᠤ᠂ ᠲᠤᠰᠢᠶᠠᠯ ᠳᠤ ᠲᠣᠮᠢᠯᠠᠭᠳᠠᠭᠰᠠᠳ ᠤᠨ ᠲᠥᠯᠥᠭᠡᠯᠡᠭᠴᠢ ᠳᠤ ᠲᠤᠰᠢᠶᠠᠯ ᠡᠭᠦᠷᠭᠡᠯᠡᠬᠦ ᠶᠠᠷᠢᠶ᠎ᠠ ᠲᠠᠯᠪᠢᠪᠠ᠃      ᠬᠤᠷᠠᠯ ᠠᠴᠠ︽ᠦᠴᠦᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2023 ᠣᠨ ᠤ ᠠᠵᠢᠯ ᠤᠨ ᠭᠤᠣᠯᠳᠠᠯᠭ᠎ᠠ︾ ᠶᠢᠨ ᠬᠤᠯᠪᠣᠭᠳᠠᠯ ᠪᠦᠬᠦᠢ ᠶᠠᠪᠤᠳᠠᠯ ᠢ ᠬᠢᠨᠠᠨ ᠵᠥᠪᠯᠡᠪᠡ︔ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ︽ᠦᠴᠦᠸᠠᠨ ᠰᠢᠶᠠᠨ ᠤ ᠲᠠᠷᠢᠶᠠᠯᠠᠩ ᠵᠢᠭᠤᠯᠴᠢᠯᠠᠯ ᠢ ᠠᠭᠤᠰᠤᠯᠴᠠᠭᠤᠯᠬᠤ· ᠦᠵᠡᠮᠵᠢ ᠬᠤᠲᠠ ᠶᠢ ᠨᠢᠭᠡ ᠴᠣᠭᠴᠠᠵᠢᠭᠤᠯᠤᠭᠰᠠᠨ ᠴᠢᠨᠠᠷᠲᠠᠢ ᠲᠥᠯᠦᠪᠵᠢᠭᠦᠯᠭᠡ︾ ᠶᠢᠨ ᠲᠤᠬᠠᠢ ᠵᠥᠪᠯᠡᠯᠭᠡ ᠶᠢ ᠰᠣᠨᠣᠰᠴᠤ ᠬᠢᠨᠠᠨ ᠶᠠᠷᠢᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢᠨ᠎ᠡ ᠨᠢᠭᠡ ᠵᠢᠯ ᠳᠤ᠂ ᠬᠤᠷᠠᠯ ᠳᠤ ᠣᠷᠣᠯᠴᠠᠭᠰᠠᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠦᠴᠦᠸᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ ᠬᠡᠷᠡᠭᠲᠡᠢ᠃ᠤᠯᠤᠰ ᠲᠦᠷᠦ ᠶᠢᠨ ᠵᠣᠭᠰᠣᠴᠠ ᠶᠢᠨ ᠲᠠᠯ᠎ᠠ ᠪᠠᠷ ᠰᠢᠨ᠎ᠡ ᠥᠨᠳᠥᠷᠴᠡ ᠶᠢ ᠢᠯᠡᠷᠡᠭᠦᠯᠵᠦ᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠷᠢᠭᠤᠴᠠᠯᠭ᠎ᠠ︾ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠭ᠎ᠠ︾ ᠶᠢ ᠢᠳᠡᠪᠬᠢᠲᠡᠢ ᠬᠠᠨᠳᠢᠪᠯᠡᠵᠤ᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠴᠢᠳᠠᠪᠤᠷᠢ︾ ᠶᠢ ᠴᠢᠨᠠᠭᠰᠢᠳᠠ ᠬᠥᠭᠵᠢᠭᠡᠬᠦ ᠬᠡᠷᠡᠭᠲᠡᠢ︔ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠶᠢ ᠪᠡᠶᠡᠯᠡᠭᠦᠯᠵᠦ᠂ ᠥᠨᠳᠥᠷ ᠪᠦᠲᠦᠮᠵᠢᠲᠡᠢ ᠬᠢᠨᠠᠯᠲᠠ ᠲᠠᠯᠪᠢᠬᠤ ᠪᠠ ᠤᠨᠢᠨ ᠳᠡᠭᠡᠷ᠎ᠡ ᠨᠢ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠵᠤ᠂ ᠰᠢᠨ᠎ᠡ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠤᠨ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ᠂ ᠠᠷᠠᠳ ᠤᠨ ᠰᠠᠨᠠᠭ᠎ᠠ ᠶᠢ ᠰᠢᠩᠭᠡᠬᠡᠨ ᠠᠪᠬᠤ᠂ ᠠᠷᠠᠳ ᠤᠨ ᠤᠶᠤᠨ ᠤᠬᠠᠭᠠᠨ ᠢ ᠬᠤᠷᠠᠮᠳᠤᠭᠤᠯᠬᠤ ᠠᠵᠢᠯ ᠤᠨ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠬᠦ ᠬᠡᠷᠡᠭᠲᠡᠢ︔ᠲᠤᠰ ᠪᠡᠶ᠎ᠡ ᠶᠢᠨ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠭᠡᠪᠡ᠃      ᠳᠠᠷᠠᠭ᠎ᠠ ᠪᠠᠷ ᠨᠢ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠦᠨᠳᠦᠰᠦᠨ ᠬᠠᠤᠯᠢ ᠳᠤ ᠲᠠᠩᠭᠠᠷᠢᠭᠯᠠᠪᠠ᠃
 
ᠢᠷᠡᠯᠲᠡ᠄ ᠦᠴᠦᠸᠠᠨ ᠰᠢᠶᠠᠨ ᠤ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号