| | | 2 ᠳ᠋ᠤᠭᠠᠷ ᠰᠠᠷ᠎ᠠ ᠶᠢᠨ 17 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ | ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 85 | ᠳ᠋ᠤᠭᠠᠷ ᠤᠳᠠᠭᠠᠨ ᠤ ᠬᠤᠷᠠᠯ ᠵᠢᠴᠢ ᠰᠢᠶᠠᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ | ᠤᠳᠤᠷᠢᠳᠬᠤ ᠳᠤᠭᠤᠶᠢᠯᠠᠩ ᠤᠨ 2023 ᠣᠨ ᠤ ᠠᠩᠬᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ | ᠃ | ᠬᠤᠷᠠᠯ ᠠᠴᠠ ᠪᠦᠬᠦ ᠰᠢᠶᠠᠨ ᠤ ᠭᠤᠣᠯᠳᠠᠯᠭ᠎ᠠ ᠲᠠᠢ ᠲᠦᠷᠦᠯ ᠵᠦᠢᠯ ᠪᠣᠯᠣᠨ ᠪᠦᠬᠦ ᠬᠤᠳᠠ ᠶᠢᠨ | ᠦᠵᠡᠭᠦᠯᠦᠯᠭᠡ ᠶᠢᠨ ᠴᠤᠭᠯᠠᠭᠠᠨ ᠤ ᠮᠠᠨ ᠤ ᠰᠢᠶᠠᠨ ᠤ ᠦᠵᠡᠭᠦᠯᠦᠯᠭᠡ ᠶᠢᠨ ᠲᠦᠷᠦᠯ ᠵᠦᠢᠯ ᠤᠨ ᠭᠠᠷᠳᠠᠮ ᠢ | ᠭᠦᠢᠴᠡᠳᠬᠡᠭᠰᠡᠨ ᠪᠠᠶᠢᠳᠠᠯ᠂ ᠬᠡᠰᠡᠭ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠶᠢᠨ ᠪᠠᠶᠢᠳᠠᠯ᠂ ᠬᠡᠰᠡᠭ ᠡᠮᠦᠨᠡᠬᠢ | ᠬᠤᠭᠤᠴᠠᠭᠠᠨ ᠤ ᠲᠦᠷᠦᠯ ᠵᠦᠢᠯ ᠤᠨ ᠦᠨᠳᠦᠰᠦᠨ ᠪᠠᠶᠢᠳᠠᠯ ᠤᠨ ᠲᠠᠨᠢᠯᠴᠠᠭᠤᠯᠭ᠎ᠠ ᠵᠢᠴᠢ ᠠᠬᠢᠴᠠ ᠶᠢ ᠴᠢᠷᠮᠠᠶᠢᠨ | ᠣᠯᠣᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔︽ᠪᠦᠬᠦ ᠰᠢᠶᠠᠨ ᠤ 2023 ᠣᠨ ᠤ ᠬᠥᠳᠡᠭᠡ | ᠠᠵᠤ ᠠᠬᠤᠢ ᠬᠥᠳᠡᠭᠡ ᠲᠣᠰᠬᠤᠨ ᠤ ᠠᠵᠢᠯ ᠤᠨ ᠭᠤᠣᠯᠳᠠᠯᠭ᠎ᠠ︾᠂︽ᠪᠦᠬᠦ ᠰᠢᠶᠠᠨ ᠤ 2023 ᠣᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠭᠤᠣᠯᠳᠠᠯᠭ᠎ᠠ︾ ᠶᠢ ᠬᠢᠨᠠᠨ ᠵᠥᠪᠯᠡᠪᠡ︔ᠮᠠᠨ ᠤ ᠰᠢᠶᠠᠨ ᠤ | 2023 ᠣᠨ ᠤ ᠠᠩᠬᠠᠳᠤᠭᠠᠷ ᠤᠳᠠᠭ᠎ᠠ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠪᠠᠶᠢᠩᠭᠤ ᠶᠢᠨ ᠠᠵᠢᠯ ᠤᠨ ᠰᠢᠯᠭᠠᠨ ᠦᠨᠡᠯᠡᠯᠲᠡ ᠶᠢᠨ ᠪᠠᠶᠢᠳᠠᠯ ᠢ ᠵᠠᠷᠯᠠᠨ ᠮᠡᠳᠡᠭᠳᠡᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠮᠠᠨ ᠤ ᠰᠢᠶᠠᠨ ᠤ ᠡᠬᠢ ᠪᠠᠶᠠᠯᠢᠭ ᠤᠨ ᠳᠠᠪᠠᠭᠤᠯᠢᠭ ᠲᠤ | ᠰᠠᠭᠤᠷᠢᠯᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ | ᠵᠡᠷᠭᠡ ᠭᠤᠣᠯ ᠡᠭᠦᠷᠭᠡ ᠶᠢᠨ ᠲᠣᠭᠤᠷᠢᠨ ᠳᠤ᠂ ᠨᠢᠭᠡᠳᠦᠭᠡᠷ ᠤᠯᠠᠷᠢᠯ ᠤᠨ︽ᠰᠠᠶᠢᠨ ᠡᠬᠢᠯᠡᠯᠲᠡ︾ ᠶᠢ ᠣᠯᠬᠤ ᠪᠠᠷ | ᠬᠦᠴᠦᠯᠡᠨ ᠴᠢᠷᠮᠠᠶᠢᠬᠤ ᠬᠡᠷᠡᠭᠲᠡᠢ︔ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠰᠥᠰᠥ ᠵᠣᠷᠢᠭ ᠢᠶᠠᠷ ᠦᠷᠭᠦᠯᠵᠢᠯᠡᠨ | ᠡᠷᠲᠡ ᠠᠴᠠ ᠤᠷᠢᠲᠠᠵᠤ ᠡᠷᠲᠡ ᠠᠴᠠ ᠠᠳᠬᠤᠵᠤ᠂ ᠤᠷᠢᠳᠴᠢᠯᠠᠨ ᠲᠥᠯᠥᠪᠵᠢᠭᠦᠯᠵᠦ᠂ ᠨᠠᠷᠢᠨ ᠬᠢᠨᠠᠮᠠᠭᠠᠢ ᠡᠮᠬᠢᠯᠡᠵᠦ᠂ | ᠪᠦᠬᠦ ᠬᠦᠴᠦᠨ ᠢᠶᠠᠷ ᠢᠶᠠᠨ ᠨᠥᠭᠡᠴᠡᠯᠡᠬᠦ ᠶᠢ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠨ ᠬᠥᠭᠵᠢᠯᠲᠡ ᠶᠢ | ᠠᠬᠢᠭᠤᠯᠬᠤ ᠬᠡᠷᠡᠭᠲᠡᠢ︔ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠥᠷᠥᠯ ᠵᠦᠢᠯ ᠢ ᠭᠦᠢᠴᠡᠳᠬᠡᠬᠦ ᠠᠬᠢᠴᠠ ᠶᠢ | ᠴᠢᠩᠭ᠎ᠠ ᠠᠩᠬᠠᠷᠴᠤ᠂ ᠦᠢᠯᠡᠴᠢᠯᠡᠭᠡᠨ ᠤ ᠦᠵᠡᠯ ᠤᠬᠠᠮᠰᠠᠷ ᠢᠶᠠᠨ ᠳᠡᠭᠡᠭᠰᠢᠯᠡᠭᠦᠯᠦᠨ᠂ ᠠᠵᠢᠯ ᠤᠨ ᠦᠷ᠎ᠡ | ᠪᠦᠲᠦᠮᠵᠢ ᠪᠠᠨ ᠳᠡᠭᠡᠭᠰᠢᠯᠡᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠡᠯ᠎ᠡ ᠵᠦᠢᠯ ᠤᠨ | ᠬᠢᠨᠠᠨ ᠵᠥᠪᠰᠢᠶᠡᠷᠡᠬᠦ ᠭᠠᠷᠳᠠᠮ ᠢ ᠲᠦᠷᠭᠡᠳᠬᠡᠨ ᠭᠦᠢᠴᠡᠳᠬᠡᠵᠦ᠂ ᠴᠢᠬᠤᠯᠠ ᠶᠡᠭᠡ ᠲᠥᠷᠥᠯ ᠵᠦᠢᠯ ᠢ ᠲᠦᠷᠭᠡᠬᠡᠨ | ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠯᠠᠪᠳᠠᠭᠤᠨ ᠪᠠᠲᠤᠲᠠᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ ᠶᠢ ᠰᠠᠶᠢᠲᠤᠷ ᠬᠢᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠤᠷᠳᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ᠡᠭᠦᠨ ᠤ ᠬᠠᠮᠲᠤ᠂ ᠰᠢᠶᠠᠨ ᠤ ᠬᠡᠪᠴᠢᠶᠡᠨ ᠳᠤ ᠬᠥᠮᠥᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠪᠠᠶᠢᠩᠭᠤᠵᠢᠭᠤᠯᠤᠨ ᠵᠠᠰᠠᠬᠤ ᠶᠢ ᠪᠠᠷᠢᠮᠲᠠᠯᠠᠵᠤ᠂ ᠴᠡᠭᠴᠡᠯᠡᠨ ᠵᠠᠰᠠᠭᠰᠠᠨ | ᠦᠷ᠎ᠡ ᠪᠦᠲᠦᠮᠵᠢ ᠶᠢ ᠳᠠᠬᠢᠨ ᠨᠡᠮᠡᠭᠳᠡᠭᠦᠯᠬᠦ ᠦᠭᠡᠢ ᠪᠠᠶᠢᠬᠤ ᠶᠢ ᠪᠠᠲᠤᠯᠠᠵᠤ᠂ ᠰᠢᠶᠠᠨ ᠤ ᠬᠡᠪᠴᠢᠶᠡᠨ ᠤ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ | | | | |