ᠦᠴᠦᠸᠠᠨ ᠰᠢᠶᠠᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠷᠦᠯ ᠵᠦᠢᠯ ᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/21
     2 ᠰᠠᠷ᠎ᠠ ᠶᠢᠨ 18 ᠤ ᠡᠳᠦᠷ᠂ ᠦᠴᠦᠸᠠᠨ ᠰᠢᠶᠠᠨ ᠪᠣᠯᠣᠨ ᠰᠢᠨ ᠬᠤᠸᠠ ᠣᠯᠠᠨ ᠤᠯᠤᠰ ᠤᠨ ᠬᠦᠢᠲᠡᠨ ᠬᠡᠯᠬᠢᠶᠡᠲᠦ ᠬᠠᠮᠢᠶᠠᠷᠤᠯᠲᠠ ᠶᠢᠨ ︵ᠱᠧᠨᠵᠧᠨ︶ ᠬᠢᠵᠠᠭᠠᠷᠲᠤ ᠺᠣᠮᠫᠠᠨᠢ ᠦᠴᠦᠸᠠᠨ ᠰᠢᠶᠠᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠷᠦᠯ ᠵᠦᠢᠯ ᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠬᠤᠷᠠᠯ   ᠢ ᠡᠷᠭᠢᠯᠡᠵᠦ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠬᠠᠳᠠ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠢ ᠫᠦ᠋᠂ ᠵᠠᠩ ᠵᠢᠶᠧ ᠬᠤᠷᠠᠯ ᠳᠤ ᠣᠷᠣᠯᠴᠠᠵᠠᠢ᠃      ᠬᠤᠷᠠᠯ ᠠᠴᠠ ᠮᠠᠨ ᠤ ᠰᠢᠶᠠᠨ ᠪᠣᠯᠣᠨ ᠰᠢᠨ ᠬᠤᠸᠠ ᠤᠯᠠᠨ ᠤᠯᠤᠰ ᠤᠨ ᠬᠦᠢᠲᠡᠨ ᠬᠡᠯᠬᠢᠶᠡᠲᠦ ᠬᠠᠮᠢᠶᠠᠷᠤᠯᠲᠠ︵ᠱᠧᠨᠵᠧᠨ︶ ᠶᠢᠨ ᠬᠢᠵᠠᠭᠠᠷᠲᠤ ᠺᠣᠮᠫᠠᠨᠢ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃      ᠬᠠᠳᠠ ᠵᠢᠭᠠᠵᠤ ᠭᠠᠷᠭᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠦᠴᠦ ᠪᠠᠨ ᠬᠠᠮᠲᠤᠳᠬᠠᠨ ᠬᠠᠮᠵᠢᠯᠴᠠᠵᠤ᠂ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠪᠣᠳᠠᠲᠠᠢ ᠠᠵᠢᠯᠯᠠᠬᠤ ᠶᠢ ᠴᠢᠬᠤᠯᠠᠴᠢᠯᠠᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠪᠠᠷ ᠠᠵᠢᠯ ᠤᠨ ᠵᠢᠯᠣᠭᠤᠳᠤᠮᠵᠢ ᠪᠣᠯᠭᠠᠵᠤ᠂ ᠮᠠᠨ ᠤ ᠰᠢᠶᠠᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠦᠷᠦᠯ ᠵᠦᠢᠯ ᠤᠨ ᠴᠢᠨᠠᠷ ᠰᠠᠶᠢᠲᠠᠢ ᠪᠦᠲᠦᠭᠡᠨ ᠪᠠᠶᠢᠭᠤᠯᠤᠯᠲᠠ ᠶᠢ ᠥᠨᠳᠥᠷ ᠪᠦᠲᠦᠮᠵᠢᠲᠡᠢ ᠠᠬᠢᠭᠤᠯᠬᠤ ᠬᠡᠷᠡᠭᠲᠡᠢ ᠭᠡᠪᠡ᠃      ᠶᠠᠩ ᠰᠢᠩ ᠱᠧᠩ ᠴᠢᠬᠤᠯᠠᠴᠢᠯᠠᠭᠰᠠᠨ ᠨᠢ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠮᠠᠨ ᠤ ᠰᠢᠶᠠᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ  ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠣᠢ᠂ ᠮᠠᠨ ᠤ ᠰᠢᠶᠠᠨ ᠤ ︽ᠳᠥᠷᠪᠡᠨ ᠶᠡᠭᠡ ᠠᠵᠤ ᠦᠢᠯᠡᠰ ᠤᠨ ᠰᠠᠭᠤᠷᠢᠨ ᠭᠠᠵᠠᠷ︾ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠶᠢᠨ ᠶᠣᠰᠣᠭᠠᠷ᠂ ᠲᠠᠷᠠᠭᠠᠴᠢ ᠶᠢᠨ ᠠᠯᠬᠤᠮ ᠳᠤ᠂ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠭᠰᠡᠨ ᠰᠠᠭᠤᠷᠢᠨ ᠳᠡᠭᠡᠷ᠎ᠡ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠳ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠵᠣᠬᠢᠰᠲᠠᠢ ᠲᠣᠬᠢᠷᠠᠭᠤᠯᠤᠨ ᠰᠠᠶᠢᠲᠤᠷ ᠪᠠᠶᠢᠷᠢᠯᠠᠭᠤᠯᠵᠤ᠂ ᠲᠥᠷᠥᠯ ᠵᠦᠢᠯ ᠤᠨ ᠥᠷᠨᠢᠯᠲᠡ ᠶᠢ ᠱᠠᠯᠠᠪᠳᠠᠨ ᠠᠬᠢᠭᠤᠯᠵᠤ᠂ ᠲᠥᠷᠥᠯ ᠵᠦᠢᠯ ᠤᠨ ᠬᠠᠮᠲᠤᠷᠠᠯᠴᠠᠭ᠎ᠠ ᠶᠢᠨ ᠴᠡᠴᠡᠭᠯᠡᠨ ᠵᠢᠮᠢᠰᠯᠡᠬᠦ ᠶᠢ ᠢᠳᠡᠪᠬᠢᠲᠡᠢ ᠠᠬᠢᠭᠤᠯᠬᠤ ᠬᠡᠷᠡᠭᠲᠡᠢ ᠭᠡᠪᠡ᠃      ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠮᠠᠨ ᠤ ᠰᠢᠶᠠᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠦᠷᠦᠯ ᠵᠦᠢᠯ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢᠨ ᠲᠤᠬᠠᠢ ᠪᠦᠳᠦᠭᠦᠪᠴᠢ ᠵᠥᠪᠯᠡᠯᠴᠡᠭᠡᠷ ᠲᠣᠭᠲᠠᠪᠠ᠃
 
ᠢᠷᠡᠯᠲᠡ᠄ ᠦᠴᠦᠸᠠᠨ ᠰᠢᠶᠠᠨ ᠤ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号