ᠪᠦᠬᠦ ᠬᠤᠲᠠ ᠶᠢᠨ ᠲᠤᠭ᠎ᠠ ᠪᠦᠷᠢᠳᠬᠡᠯ ᠪᠠᠶᠢᠴᠠᠭᠠᠯᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/22
     ᠾᠧ ᠬᠠᠢ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ      ︵ᠰᠤᠷᠪᠤᠯᠵᠢᠯᠠᠭᠴᠢ ᠠᠷᠢᠭᠤᠨ᠎ᠠ︶ 2 ᠳ᠋ᠤᠭᠠᠷ ᠰᠠᠷ᠎ᠠ ᠶᠢᠨ 21 ᠤ ᠡᠳᠦᠷ᠂ ᠪᠥᠬᠦ ᠬᠤᠲᠠ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯ ᠤᠨ ᠬᠤᠷᠠᠯ ᠬᠤᠷᠠᠯᠳᠤᠪᠠ᠃ ᠬᠤᠷᠠᠯ ᠠᠴᠠ ᠪᠥᠬᠦ ᠤᠯᠤᠰ᠂ ᠪᠥᠬᠦ ᠣᠷᠣᠨ ᠤ ᠲᠤᠭ᠎ᠠ ᠪᠦᠷᠢᠳᠬᠡᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠲᠠ ᠶᠢᠨ 2022 ᠣᠨ ᠤ ᠲᠤᠭ᠎ᠠ ᠪᠦᠷᠢᠳᠬᠡᠯ ᠤᠨ ᠠᠵᠢᠯ ᠵᠢᠴᠢ 2023 ᠣᠨ ᠤ ᠭᠤᠣᠯᠳᠠᠯᠭ᠎ᠠ ᠲᠠᠢ ᠡᠭᠦᠷᠭᠡ ᠶᠢ ᠵᠠᠷᠯᠠᠨ ᠮᠡᠳᠡᠭᠳᠡᠪᠡ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠾᠧ ᠬᠠᠢ ᠳ᠋ᠦᠩ ᠱᠠᠭᠠᠷᠳᠠᠭᠰᠠᠨ ᠨᠢ᠂ ᠲᠤᠭ᠎ᠠ ᠪᠦᠷᠢᠳᠬᠡᠯ ᠤᠨ ᠠᠵᠢᠯ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠷᠦᠩᠬᠡᠶᠢᠯᠡᠭᠰᠡᠨ ᠴᠢᠨᠠᠷᠲᠠᠢ ᠰᠠᠭᠤᠷᠢ ᠴᠢᠨᠠᠷᠲᠠᠢ ᠠᠵᠢᠯ ᠮᠥᠨ᠂ ᠮᠠᠨ ᠤ ᠬᠤᠲᠠ ᠶᠢᠨ ᠡᠯ᠎ᠡ ᠱᠠᠲᠤ᠂ ᠡᠯ᠎ᠡ ᠰᠠᠯᠠᠭ᠎ᠠ ᠮᠥᠴᠢᠷ ᠤᠨ ᠬᠢᠨ ︽ᠲᠤᠭ᠎ᠠ ᠪᠦᠷᠢᠳᠬᠡᠯ ᠤᠨ ᠠᠵᠢᠯ ᠢ ᠬᠡᠷᠬᠢᠨ ᠦᠵᠡᠬᠦ︾ ︽ᠲᠤᠭ᠎ᠠ ᠪᠦᠷᠢᠳᠬᠡᠯ ᠤᠨ ᠠᠵᠢᠯ ᠢ ᠬᠡᠷᠬᠢᠨ ᠬᠢᠬᠦ︾ ︽ᠲᠤᠭ᠎ᠠ ᠪᠦᠷᠢᠳᠬᠡᠯ ᠤᠨ ᠠᠵᠢᠯ ᠢ ᠬᠡᠷᠬᠢᠨ ᠰᠠᠶᠢᠲᠤᠷ ᠬᠢᠬᠦ︾ ᠡᠨᠡ ᠭᠤᠷᠪᠠᠨ ᠲᠠᠯ᠎ᠠ ᠠᠴᠠ ᠡᠭᠦᠰᠴᠦ᠂ ᠪᠣᠳᠠᠲᠠᠢ ᠶᠢ ᠡᠷᠬᠢᠮᠯᠡᠭᠰᠡᠨ ᠪᠥᠭᠡᠳ ᠶᠠᠪᠤᠭᠳᠠᠭᠤᠰᠢᠲᠠᠢ ᠠᠷᠭ᠎ᠠ ᠬᠡᠮᠵᠢᠶ᠎ᠡ ᠶᠢ ᠲᠣᠭᠲᠠᠭᠠᠨ ᠬᠡᠷᠡᠭᠵᠢᠭᠦᠯᠵᠦ᠂ ᠪᠥᠬᠦ ᠬᠤᠲᠠ ᠶᠢᠨ ᠲᠤᠭ᠎ᠠ ᠪᠦᠷᠢᠳᠬᠡᠯ ᠤᠨ ᠠᠵᠢᠯ ᠤᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠵᠤ᠂ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠡᠢ᠃      ᠾᠧ ᠬᠠᠢ ᠳ᠋ᠦᠩ ᠴᠢᠬᠤᠯᠠᠴᠢᠯᠠᠭᠰᠠᠨ ᠨᠢ᠂ ᠪᠥᠬᠦ ᠬᠤᠲᠠ ᠪᠠᠷ ᠢᠶᠠᠨ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠬᠢᠬᠦ ᠶᠢᠨ ᠠᠴᠢ ᠬᠤᠯᠪᠣᠭᠳᠠᠯ ᠨᠢ ᠬᠠᠮᠢᠭ᠎ᠠ ᠪᠠᠶᠢᠬᠤ᠂ ᠲᠤᠭ᠎ᠠ ᠪᠦᠷᠢᠳᠬᠡᠯ ᠤᠨ ᠠᠵᠢᠯ ᠤᠨ ᠰᠠᠭᠤᠷᠢ ᠨᠢ ᠶᠠᠮᠠᠷ ᠪᠠᠶᠢᠬᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠨᠢ ᠶᠠᠭᠤ ᠶᠠᠭᠤ ᠪᠠᠶᠢᠬᠤ ᠶᠢ ᠣᠶᠢᠯᠠᠭᠠᠵᠤ᠂ ᠪᠠᠶᠢᠳᠠᠯ ᠢ ᠤᠯᠠᠮ ᠨᠢᠭᠡ ᠠᠯᠬᠤᠮ ᠲᠣᠳᠣᠷᠬᠠᠢ ᠲᠠᠨᠢᠵᠤ᠂ ᠴᠢᠭᠯᠡᠯ ᠢᠶᠠᠨ ᠲᠣᠳᠣᠷᠬᠠᠢ ᠪᠣᠯᠭᠠᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠬᠤ ᠬᠡᠷᠡᠭᠲᠡᠢ᠃ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ ᠦᠨᠡᠨ ᠠᠴᠠ ᠵᠥᠪ ᠢ ᠡᠷᠢᠵᠦ᠂ ᠪᠦᠷᠢᠳᠬᠡᠬᠦ ᠶᠣᠰᠣᠲᠠᠢ ᠶᠢ ᠪᠦᠬᠦᠨ ᠢ ᠪᠦᠷᠢᠳᠬᠡᠵᠦ᠂ ᠪᠦᠷᠢᠳᠬᠡᠬᠦ ᠶᠣᠰᠣᠲᠠᠢ ᠶᠢ ᠲᠦᠷᠭᠡᠨ ᠪᠦᠷᠢᠳᠬᠡᠨ᠂ ᠪᠦᠷᠢᠳᠬᠡᠯ ᠳᠤ ᠠᠯᠢ ᠲᠦᠷᠭᠡᠨ ᠣᠷᠣᠭᠤᠯᠵᠤ᠂ ᠠᠵᠤ ᠠᠬᠤᠶᠢᠯᠠᠯ ᠢ ᠲᠥᠯᠥᠪᠵᠢᠭᠦᠯᠭᠡ ᠳᠡᠭᠡᠨ ᠠᠪᠴᠤ ᠪᠦᠷᠢᠳᠬᠡᠯ ᠳᠤ ᠣᠷᠣᠭᠤᠯᠬᠤ ᠦᠢᠯᠡᠴᠢᠯᠡᠭᠡ ᠵᠢᠯᠣᠭᠤᠳᠤᠯᠭ᠎ᠠ ᠶᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠨᠠᠶᠢᠳᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠪᠥᠬᠦ ᠬᠤᠲᠠ ᠶᠢᠨ ᠲᠤᠭ᠎ᠠ ᠪᠦᠷᠢᠳᠬᠡᠯ ᠪᠠᠶᠢᠴᠠᠭᠠᠯᠲᠠ ᠶᠢᠨ ᠰᠢᠰᠲ᠋ᠧᠮ ᠤᠨ ᠬᠢᠨ ᠵᠣᠬᠢᠶᠠᠨ ᠪᠠᠶᠢᠭᠤᠯᠤᠨ ᠤᠳᠤᠷᠢᠳᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠩᠨᠡᠭᠡ ᠶᠢᠨ ᠪᠠᠶᠢᠭᠤᠯᠤᠯᠲᠠ᠂ ᠲᠣᠭᠲᠠᠴᠠ ᠶᠢᠨ ᠪᠠᠲᠤᠯᠠᠭ᠎ᠠ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠪᠦᠷᠢᠳᠬᠡᠬᠦ᠂ ᠬᠠᠤᠯᠢ ᠶᠣᠰᠣᠭᠠᠷ ᠨᠢᠭᠡᠳᠦᠯᠲᠡᠢ ᠬᠠᠮᠢᠶᠠᠷᠬᠤ ᠶᠢ ᠲᠤᠭ᠎ᠠ ᠪᠦᠷᠢᠳᠬᠡᠯ ᠤᠨ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠵᠤ ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢ ᠠᠵᠤ ᠠᠬᠤᠢ ᠶᠢᠨ ᠵᠢᠮ᠎ᠡ ᠶᠣᠰᠣᠨ ᠳᠤ ᠨᠠᠩ ᠰᠠᠶᠢᠨ ᠨᠡᠶᠢᠴᠡᠭᠦᠯᠵᠦ᠂ ᠮᠠᠨ ᠤ ᠬᠤᠲᠠ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠠᠩ ᠰᠠᠶᠢᠨ ᠨᠡᠶᠢᠴᠡᠭᠦᠯᠬᠦ ᠬᠡᠷᠡᠭᠲᠡᠢ ᠭᠡᠵᠡᠢ᠃      ᠬᠤᠲᠠ ᠶᠢᠨ ᠳᠡᠳ᠋ ᠳᠠᠷᠤᠭ᠎ᠠ ᠯᠢ ᠰᠢᠶᠣᠣ ᠶᠠᠨ ᠬᠤᠷᠠᠯ ᠢ ᠡᠷᠭᠢᠯᠡᠪᠡ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠥᠬᠡᠬᠤᠲᠠ ᠶᠢᠨ ᠪᠠᠶᠢᠴᠠᠭᠠᠯᠲᠠ ᠶᠢᠨ ᠠᠩᠭᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠶᠠᠷᠢᠶ᠎ᠠ ᠲᠠᠯᠪᠢᠪᠠ᠃ ᠮᠠᠨ ᠤ ᠬᠤᠲᠠ ᠶᠢᠨ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠬᠠᠮᠢᠶ᠎ᠠ ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号