︽ᠰᠣᠶᠣᠯ ᠵᠤᠭᠠᠴᠠᠯ + ᠠᠵᠤ ᠠᠬᠤᠶᠢᠯᠠᠯ︾ ᠠᠭᠤᠰᠤᠯᠴᠠᠭᠰᠠᠨ ᠰᠢᠨ᠎ᠡ ᠬᠥᠭᠵᠢᠯᠲᠡ ︱ ᠦᠴᠦᠸᠠᠨ ᠰᠢᠶᠠᠨ ᠬᠥᠬᠡᠬᠤᠲᠠ ᠶᠢᠨ ᠰᠣᠶᠣᠯ ᠵᠤᠭᠠᠴᠠᠯ ᠤᠨ ᠠᠵᠤ ᠠᠬᠤᠶᠢᠯᠠᠯ ᠤᠨ ᠰᠣᠯᠢᠯᠴᠠᠭ᠎ᠠ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2023/2/22
     2 ᠳ᠋ᠤᠭᠠᠷ ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠦᠴᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠵᠢᠴᠢ ᠦᠴᠦᠸᠠᠨ ᠰᠢᠶᠠᠨ ᠤ ᠰᠣᠶᠣᠯ ᠵᠢᠭᠤᠯᠴᠢᠯᠠᠯ ᠤᠨ ᠠᠵᠤ ᠠᠬᠤᠶᠢᠯᠠᠯ᠂ ᠦᠵᠡᠮᠵᠢ ᠶᠢᠨ ᠣᠷᠣᠨ ᠤ ᠡᠯ᠎ᠡ ᠲᠥᠯᠥᠭᠡᠯᠡᠭᠴᠢ ᠬᠥᠬᠡᠬᠤᠲᠠ ᠳᠤ ᠬᠦᠷᠴᠦ ᠬᠥᠬᠡᠬᠤᠲᠠ ᠶᠢᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠦᠴᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠲᠠᠨᠢᠯᠴᠠᠭᠤᠯᠤᠭᠴᠢ︽ᠢᠳᠡᠵᠦ ᠤᠤᠭᠤᠬᠤ᠂ ᠬᠤᠨᠣᠵᠤ ᠬᠡᠪᠲᠡᠬᠦ  ᠂ ᠵᠤᠭᠠᠴᠠᠵᠤ ᠲᠣᠭᠤᠷᠢᠬᠤ᠂ ᠬᠤᠳᠠᠯᠳᠤᠨ ᠠᠪᠬᠤ᠂ ᠵᠤᠭ᠎ᠠ ᠴᠡᠩᠭᠡᠯ︾ᠵᠡᠷᠭᠡ ᠵᠢᠷᠭᠤᠭᠠᠨ ᠲᠠᠯ᠎ᠠ ᠠᠴᠠ ᠦᠴᠦᠸᠠᠨ ᠰᠢᠶᠠᠨ ᠤ ᠭᠤᠣᠯᠳᠠᠯᠭ᠎ᠠ ᠲᠠᠢ ᠦᠵᠡᠮᠵᠢ ᠶᠢᠨ ᠣᠷᠣᠨ᠂ ᠠᠷᠠᠳ ᠤᠨ ᠵᠠᠩ ᠦᠢᠯᠡ ᠶᠢᠨ ᠰᠣᠶᠣᠯ᠂ ᠪᠤᠳᠠᠰ ᠤᠨ ᠪᠤᠰᠤ ᠰᠣᠶᠣᠯ ᠤᠨ ᠦᠢᠯᠡᠰ ᠤᠨ ᠪᠦᠲᠦᠭᠡᠭᠳᠡᠬᠦᠨ᠂ ᠵᠤᠭᠠᠴᠠᠯ ᠤᠨ ᠵᠠᠮ ᠱᠤᠭᠤᠮ᠂ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ᠂ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠵᠡᠷᠭᠡ ᠰᠣᠶᠣᠯ ᠵᠤᠭᠠᠴᠠᠯ ᠤᠨ ᠰᠢᠯᠢᠳᠡᠭ ᠡᠬᠢ ᠪᠠᠶᠠᠯᠢᠭ ᠢ ᠪᠦᠬᠦ ᠲᠠᠯ᠎ᠠ ᠪᠠᠷ ᠲᠠᠨᠢᠯᠴᠠᠭᠤᠯᠵᠤ᠂ ᠵᠤᠭᠠᠴᠠᠭᠰᠠᠳ ᠢ ︽ᠢᠳᠡᠵᠦ ᠤᠤᠭᠤᠬᠤ ᠳᠤ ᠲᠠᠭᠠᠯᠠᠮᠵᠢᠲᠠᠢ᠂ ᠵᠤᠭᠠᠴᠠᠬᠤ ᠳᠤ ᠲᠠᠭᠠᠯᠠᠮᠵᠢᠲᠠᠢ︾ᠪᠣᠯᠭᠠᠪᠠ᠃ᠬᠤᠷᠠᠯ ᠳᠤ ᠣᠷᠣᠯᠴᠠᠭᠰᠠᠳ ᠲᠤ ᠦᠴᠦᠸᠠᠨ ᠰᠢᠶᠠᠨ ᠤ ᠰᠢᠨ᠎ᠡ ᠨᠡᠷ᠎ᠡ ᠶᠢᠨ ᠬᠠᠭᠤᠳᠠᠰᠤ ᠶᠢ ᠭᠦᠢᠴᠡᠳ ᠦᠵᠡᠭᠦᠯᠪᠡ᠃      ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠯᠦᠩ ᠶᠤᠸᠠᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠪᠣᠯᠣᠨ ᠶᠠᠨ ᠬᠥ᠋ ᠹᠠᠩ ᠦᠵᠡᠮᠵᠢ ᠶᠢᠨ ᠣᠷᠣᠨ ᠤ ᠲᠥᠯᠥᠭᠡᠯᠡᠭᠴᠢ ᠦᠵᠡᠮᠵᠢ ᠶᠢᠨ ᠣᠷᠣᠨ ᠤ ᠡᠬᠢ ᠪᠠᠶᠠᠯᠢᠭ ᠢ ᠨᠠᠩ ᠪᠥᠬᠦ ᠲᠠᠯ᠎ᠠ ᠪᠠᠷ ᠲᠣᠳᠣᠷᠬᠠᠶᠢᠯᠠᠨ ᠲᠠᠨᠢᠯᠴᠠᠭᠤᠯᠪᠠ᠃ᠬᠤᠷᠠᠯ ᠤᠨ ᠳᠠᠷᠠᠭ᠎ᠠ ᠬᠠᠮᠲᠤᠷᠠᠨ ᠠᠵᠢᠯᠯᠠᠬᠤ ᠰᠠᠨᠠᠭ᠎ᠠ ᠲᠠᠢ ᠵᠢᠭᠤᠯᠴᠢᠯᠠᠯ ᠤᠨ ᠺᠣᠮᠫᠠᠨᠢ ᠶᠢᠨ ᠠᠵᠤ ᠠᠬᠤᠶᠢᠯᠠᠯ ᠲᠠᠢ ᠬᠡᠯᠡᠯᠴᠡᠭᠡᠷ ᠬᠢᠵᠦ ᠭᠡᠷ᠎ᠡ ᠲᠣᠭᠲᠠᠪᠠ᠃      ᠦᠴᠦᠸᠠᠨ ᠰᠢᠶᠠᠨ ᠤ ᠲᠠᠨᠢᠯᠴᠠᠭᠤᠯᠤᠭᠴᠢ ᠪᠠᠰᠠ ᠲᠤᠰ ᠭᠠᠵᠠᠷ ᠤᠨ ᠪᠤᠳᠠᠰ ᠤᠨ ᠪᠤᠰᠤ ᠡᠭᠦᠳᠦᠯᠲᠡ᠂ ᠣᠨᠴᠠᠯᠢᠭᠲᠤ ᠦᠢᠯᠡᠳᠬᠦᠨ ᠵᠡᠷᠭᠡ ᠶᠢ ᠲᠤᠬᠠᠢ ᠶᠢᠨ ᠲᠠᠯᠠᠪᠠᠢ ᠳᠤ ᠳᠡᠯᠭᠡᠨ ᠦᠵᠡᠭᠦᠯᠵᠦ᠂ ᠬᠤᠷᠠᠯ ᠳᠤ ᠣᠷᠣᠯᠴᠠᠭᠰᠠᠳ ᠤᠨ ᠪᠠᠭ᠋ᠠᠷᠬᠠᠯ ᠢ ᠣᠯᠣᠭᠰᠠᠨ ᠪᠠᠶᠢᠨ᠎ᠠ᠃      ᠣᠶᠢᠷ᠎ᠠ ᠶᠢᠨ ᠵᠢᠯ ᠠᠴᠠ᠂ ᠦᠴᠦᠸᠠᠨ ᠰᠢᠶᠠᠨ ᠤ ᠬᠢᠨ ᠭᠤᠣᠯᠳᠠᠯᠭ᠎ᠠ ᠲᠠᠢ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠵᠠᠢ᠃ᠨᠠᠷᠠᠲᠤ ᠲᠡᠮᠳᠡᠭ ᠢᠶᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ︽ᠦᠴᠦᠸᠠᠨ ᠤ ᠬᠡᠪ ᠨᠠᠮᠪᠠ︾ ᠶᠢᠨ ᠰᠢᠨ᠎ᠡ ᠵᠠᠮ ᠱᠤᠭᠤᠮ᠂ ︽ᠠᠵᠤ ᠦᠢᠯᠡᠰ ᠤᠨ ᠠᠭᠤᠰᠤᠯᠴᠠᠯ︾ ᠤᠨ ᠰᠢᠨ᠎ᠡ ᠬᠠᠭᠤᠳᠠᠰᠤ ᠶᠢ ᠡᠭᠦᠳᠴᠦ᠂ ᠨᠠᠩ ᠣᠯᠠᠨ ᠵᠤᠭᠠᠴᠠᠭᠰᠠᠳ ᠢ ᠦᠴᠦᠸᠠᠨ ᠳᠤ ᠴᠤᠭᠯᠠᠷᠠᠭᠤᠯᠵᠤ᠂ ᠦᠴᠦᠸᠠᠨ ᠤ ᠦᠨᠦᠷ ᠠᠮᠲᠠ ᠶᠢ ᠰᠣᠨᠢᠷᠬᠠᠭᠤᠯᠵᠤ᠂ ᠦᠴᠦᠸᠠᠨ ᠤ ᠭᠤᠶᠣ ᠦᠵᠡᠮᠵᠢ ᠶᠢ ᠰᠣᠨᠢᠷᠬᠠᠭᠤᠯᠵᠤ᠂ ᠡᠯᠪᠡᠭ ᠪᠠᠶᠠᠯᠢᠭ ᠵᠢᠭᠤᠯᠴᠢᠯᠠᠯ ᠤᠨ ᠠᠮᠢᠳᠤᠷᠠᠯ ᠢ ᠡᠳ᠋ᠯᠡᠭᠦᠯᠦᠨ᠎ᠡ᠃
 
ᠢᠷᠡᠯᠲᠡ᠄ ᠦᠴᠦᠸᠠᠨ ᠰᠢᠶᠠᠨ ᠤ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号