ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠤᠳᠤᠷᠢᠳᠤᠯᠭ᠎ᠠ ᠮᠠᠨ ᠤ ᠰᠢᠶᠠᠨ ᠤ ᠣᠲᠣ ᠪᠠᠶᠢᠭ᠎ᠠ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠠᠵᠢᠯ ᠢ ᠥᠷᠨᠢᠭᠦᠯᠵᠤ ᠪᠠᠶᠢᠭ᠎ᠠ ᠪᠠᠶᠢᠳᠠᠯ ᠢ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2023/2/23
     2023 ᠣᠨ ᠤ 2 ᠰᠠᠷ᠎ᠠ ᠶᠢᠨ 15 ᠤ ᠡᠳᠦᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠤᠳᠤᠷᠢᠳᠤᠯᠭ᠎ᠠ ᠮᠠᠨ ᠤ ᠰᠢᠶᠠᠨ ᠤ ᠨᠢᠭᠡᠨᠲᠡ ᠪᠠᠶᠢᠭ᠎ᠠ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠵᠢᠯᠣᠭᠤᠳᠤᠨ ᠪᠠᠶᠢᠴᠠᠭᠠᠪᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠱᠦᠵᠢ ᠶᠠᠨ ᠶᠦᠩ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠸᠠᠩ ᠬᠤᠣ ᠪᠠᠷ᠎ᠠ ᠪᠣᠯᠪᠠ᠃ ᠬᠥᠮᠦᠨ ᠠᠮᠠ ᠶᠢᠨ ᠣᠷᠣᠰᠢᠨ ᠰᠠᠭᠤᠬᠤ ᠭᠠᠵᠠᠷ ᠤᠨ ᠲᠥᠪ ᠤᠨ ᠡᠷᠬᠢᠯᠡᠭᠴᠢ ᠮᠧᠩ ᠴᠧᠩ ᠢᠦᠢ 2023 ᠣᠨ ᠤ ᠮᠠᠨ ᠤ ᠰᠢᠶᠠᠨ ᠤ ᠣᠲᠣ ᠪᠠᠶᠢᠭ᠎ᠠ ᠡᠨᠧᠷᠭᠢ ᠠᠷᠪᠢᠯᠠᠬᠤ ᠲᠥᠷᠦᠯ ᠵᠦᠢᠯ ᠤᠨ ᠲᠤᠬᠠᠢ ᠶᠢᠨ ᠲᠠᠯᠠᠪᠤᠷ ᠤᠨ ᠪᠠᠶᠢᠳᠠᠯ ᠢ ᠲᠠᠨᠢᠯᠴᠠᠭᠤᠯᠤᠭᠰᠠᠨ ᠪᠠ ᠥᠭᠡᠷᠡᠴᠢᠯᠡᠬᠦ ᠠᠭᠤᠯᠭ᠎ᠠ ᠪᠠ ᠣᠳᠣᠬᠠᠨ ᠤ ᠠᠬᠢᠴᠠ ᠶᠢᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃      ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠤᠳᠤᠷᠢᠳᠤᠯᠭ᠎ᠠ ᠨᠠᠷ ᠮᠠᠨ ᠤ ᠰᠢᠶᠠᠨ ᠤ ᠨᠢᠭᠡᠨᠲᠡ ᠪᠠᠶᠢᠭ᠎ᠠ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠠᠵᠢᠯ ᠢ ᠭᠦᠢᠴᠡᠳ ᠨᠤᠲᠠᠯᠠᠵᠤ᠂ ᠣᠳᠣᠬᠠᠨ ᠤ ᠠᠵᠢᠯ ᠤᠨ ᠠᠬᠢᠴᠠ ᠳᠤ ᠴᠤ ᠮᠠᠰᠢ ᠬᠠᠨᠤᠮᠵᠢᠲᠠᠶ ᠪᠠᠶᠢᠬᠤ ᠪᠠᠨ ᠢᠯᠡᠳᠬᠡᠪᠡ᠃ᠤᠳᠤᠷᠢᠳᠤᠯᠭ᠎ᠠ ᠥᠭᠡᠷᠡᠴᠢᠯᠡᠯᠲᠡ ᠶᠢᠨ ᠲᠥᠷᠥᠯ ᠵᠦᠢᠯ ᠢ ᠪᠦᠬᠦ ᠲᠠᠯ᠎ᠠ  ᠪᠠᠷ ᠲᠦᠯᠬᠢᠨ ᠠᠬᠢᠭᠤᠯᠵᠤ ᠪᠠᠶᠢᠭ᠎ᠠ ᠪᠠᠶᠢᠳᠠᠯ᠂ ᠥᠭᠡᠷᠡᠴᠢᠯᠡᠯᠲᠡ ᠶᠢᠨ ᠪᠡᠯᠡ ᠮᠥᠩᠭᠦ  ᠶᠢ ᠴᠤᠭᠯᠠᠭᠤᠯᠤᠭᠰᠠᠨ ᠪᠠᠶᠢᠳᠠᠯ᠂ ᠥᠭᠡᠷᠡᠴᠢᠯᠡᠯᠲᠡ ᠶᠢᠨ ᠠᠭᠤᠯᠭ᠎ᠠ ᠳᠤ ᠬᠤᠯᠪᠣᠭᠳᠠᠭᠰᠠᠨ ᠪᠠᠶᠢᠳᠠᠯ ᠪᠠ ᠠᠵᠢᠯ ᠤᠨ ᠳᠤᠮᠳᠠᠬᠢ ︽ᠬᠦᠴᠢᠷ ᠲᠦᠪᠡᠭᠲᠡᠢ︾ ᠠᠰᠠᠭᠤᠳᠠᠯ ᠢ ᠨᠠᠷᠢᠨ ᠠᠰᠠᠭᠤᠵᠤ᠂ ᠥᠭᠡᠷᠡᠴᠢᠯᠡᠬᠦ ᠠᠵᠢᠯ ᠢ ᠡᠷᠬᠡᠪᠰᠢ ᠤᠷᠢᠳᠴᠢᠯᠠᠨ ᠲᠥᠯᠥᠪᠵᠢᠭᠦᠯᠵᠦ᠂ ᠪᠦᠬᠦ ᠲᠠᠯ᠎ᠠ ᠪᠠᠷ ᠪᠣᠳᠣᠯᠬᠢᠯᠠᠵᠤ᠂ ᠪᠦᠬᠦᠯᠢ ᠴᠣᠭᠴᠠ ᠶᠢᠨ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠡᠷᠬᠢᠮᠯᠡᠵᠦ᠂ ᠭᠠᠵᠠᠷ ᠳᠣᠣᠷᠠᠬᠢ ᠬᠤᠭᠤᠯᠠᠢ ᠶᠢᠨ ᠲᠣᠣᠷ ᠪᠤᠶᠤ ᠭᠠᠵᠠᠷ ᠳᠡᠭᠡᠷᠡᠬᠢ ᠰᠠᠭᠤᠷᠢ ᠲᠥᠬᠦᠭᠡᠷᠦᠮᠵᠢ ᠶᠢᠨ ᠠᠯᠢᠨ ᠢ ᠨᠢ ᠴᠦ ᠴᠥᠮ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠰᠠᠶᠢᠲᠤᠷ ᠥᠭᠡᠷᠡᠴᠢᠯᠡᠵᠦ᠂ ᠬᠤᠯᠠᠭᠠᠶᠢᠯᠠᠬᠤ ᠶᠢ ᠰᠡᠷᠭᠡᠶᠢᠯᠡᠬᠦ ᠬᠡᠷᠡᠰᠬᠡ ᠪᠠ ᠴᠣᠩᠬᠤ ᠶᠢ ᠰᠣᠯᠢᠭᠰᠠᠨ ᠴᠤ ᠴᠥᠮ ᠥᠩᠭᠡ ᠶᠢ ᠨᠢᠭᠡᠳᠦᠯᠲᠡᠢ ᠵᠣᠬᠢᠴᠠᠭᠤᠯᠵᠤ᠂ ᠮᠠᠲ᠋ᠧᠷᠢᠶᠠᠯ ᠤᠨ ᠴᠢᠨᠠᠷ ᠢ ᠨᠢᠭᠡᠳᠦᠯᠲᠡᠢ ᠪᠣᠯᠭᠠᠵᠤ᠂ ᠬᠡᠯᠪᠡᠷᠢ ᠮᠠᠶ᠋ᠢᠭ ᠢ ᠨᠢᠭᠡᠳᠦᠯᠲᠡᠢ ᠵᠢᠭᠳᠡ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ᠥᠭᠡᠷᠡᠴᠢᠯᠡᠬᠦ ᠪᠡᠯᠡ ᠮᠥᠩᠭᠦ ᠲᠤᠶᠢᠯ ᠤᠨ ᠲᠤᠲᠠᠭᠳᠠᠵᠤ ᠪᠠᠶᠢᠭ᠎ᠠ ᠪᠠᠶᠢᠳᠠᠯ ᠢ ᠪᠦᠬᠦ ᠲᠠᠯ᠎ᠠ ᠪᠠᠷ᠂ ᠤᠯᠠᠨ ᠠᠷᠭ᠎ᠠ ᠵᠠᠮ ᠢᠶᠠᠷ ᠲᠡᠮᠡᠴᠡᠨ ᠣᠯᠬᠤ ᠬᠡᠷᠡᠭᠲᠡᠢ᠂ ᠢᠯᠠᠩᠭᠤᠶ᠎ᠠ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠪᠠ ᠲᠥᠪ ᠤᠨ ᠲᠥᠰᠥᠪ ᠤᠨ ᠳᠣᠲᠣᠷᠠᠬᠢ ᠪᠡᠯᠡ ᠮᠥᠩᠭᠦ ᠶᠢ ᠲᠡᠮᠡᠴᠡᠨ ᠣᠯᠬᠤ ᠲᠠᠯ᠎ᠠ ᠪᠠᠷ ᠢᠯᠡᠭᠦᠬᠡᠨ ᠵᠣᠯᠭᠠᠭᠤᠯᠵᠤ᠂ ᠦᠷᠭᠦᠯᠵᠢ ᠨᠡᠪᠲᠡᠷᠡᠯᠴᠡᠨ᠂ ᠭᠦᠢᠴᠡᠳ ᠮᠠᠲ᠋ᠧᠷᠢᠶᠠᠯ ᠬᠠᠩᠭᠠᠵᠤ ᠢᠳᠡᠪᠬᠢᠲᠡᠢ ᠪᠠᠷ ᠲᠡᠮᠡᠴᠡᠨ ᠣᠯᠵᠤ᠂ ᠪᠡᠯᠡ ᠮᠥᠩᠭᠦ ᠶᠢᠨ ᠪᠠᠲᠤᠯᠠᠭ᠎ᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ᠪᠦᠲᠦᠭᠡᠨ ᠪᠠᠶᠢᠭᠤᠯᠬᠤ ᠨᠢᠭᠡᠴᠡ ᠨᠦᠭᠦᠳ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠠᠬᠢᠴᠠ ᠶᠢ ᠠᠮᠵᠢᠨ ᠠᠳᠬᠤᠵᠤ᠂ ᠥᠭᠡᠷᠡᠴᠢᠯᠡᠨ ᠰᠠᠶᠢᠵᠢᠷᠠᠭᠤᠯᠬᠤ ᠠᠵᠢᠯ ᠤᠨ ᠳᠤᠮᠳᠠᠬᠢ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠪᠠ ᠬᠦᠴᠢᠷ ᠲᠦᠪᠡᠭᠲᠡᠢ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠨ᠂ ᠡᠯ᠎ᠡ ᠵᠦᠢᠯ ᠤᠨ ᠲᠣᠭᠲᠠᠭᠰᠠᠨ ᠬᠠᠷᠠᠯᠲᠠ ᠶᠢᠨ ᠡᠭᠦᠷᠭᠡ ᠶᠢ ᠨᠠᠶᠢᠳᠠᠪᠤᠷᠢᠵᠢᠭᠤᠯᠵᠤ᠂ ᠥᠭᠡᠷᠡᠴᠢᠯᠡᠨ ᠰᠠᠶᠢᠵᠢᠷᠠᠭᠤᠯᠬᠤ ᠠᠵᠢᠯ ᠤᠨ ᠲᠣᠭᠲᠠᠭᠰᠠᠨ ᠬᠤᠭᠤᠴᠠᠭᠠᠨ ᠳᠤ᠂ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号