ᠦᠴᠦᠸᠠᠨ ᠰᠢᠶᠠᠨ ᠤ ᠡᠯ᠎ᠡ ᠰᠤᠷᠭᠠᠭᠤᠯᠢ ᠰᠤᠷᠭᠠᠭᠤᠯᠢ ᠡᠬᠢᠯᠡᠬᠦ ᠠᠴᠠ ᠡᠮᠦᠨᠡᠬᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/2/23
     ᠰᠤᠷᠭᠠᠭᠤᠯᠢ ᠡᠬᠢᠯᠡᠬᠦ ᠠᠭᠤᠷ ᠠᠮᠢᠰᠬᠤᠯ   ᠢ ᠪᠤᠶ ᠪᠣᠯᠭᠠᠵᠤ᠂ ᠪᠦᠬᠦ ᠪᠠᠭᠰᠢ ᠰᠤᠷᠤᠭᠴᠢᠳ ᠲᠤ ᠴᠡᠪᠡᠷ ᠲᠡᠭᠰᠢ᠂ ᠲᠠᠭᠠᠯᠠᠮᠵᠢᠲᠠᠢ᠂ ᠡᠷᠡᠭᠦᠯ ᠰᠠᠷᠠᠭᠤᠯ ᠰᠤᠷᠭᠠᠭᠤᠯᠢ   ᠶᠢᠨ ᠬᠦᠷᠢᠶᠡᠨ ᠤ ᠣᠷᠴᠢᠨ ᠨᠥᠬᠦᠴᠡᠯ   ᠢ ᠪᠤᠶ ᠪᠣᠯᠭᠠᠬᠤ   ᠶᠢᠨ ᠲᠥᠯᠥᠭᠡ᠂ ᠰᠢᠨ᠎ᠡ ᠰᠤᠷᠤᠯᠭ᠎ᠠ   ᠶᠢᠨ ᠬᠤᠭᠤᠴᠠᠭ᠎ᠠ ᠡᠬᠢᠯᠡᠬᠦ ᠠᠴᠠ ᠡᠮᠦᠨ᠎ᠡ ᠮᠠᠨ ᠤ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠳ ᠰᠤᠷᠭᠠᠭᠤᠯᠢ   ᠶᠢᠨ ᠬᠦᠷᠢᠶᠡᠨ ᠤ ᠣᠷᠴᠢᠨ ᠠᠬᠤᠢ   ᠶᠢᠨ ᠡᠷᠡᠭᠦᠯ ᠬᠠᠮᠠᠭᠠᠯᠠᠯ   ᠢ ᠴᠡᠭᠴᠡᠯᠡᠨ ᠵᠠᠰᠠᠬᠤ ᠠᠵᠢᠯ   ᠢ ᠢᠳᠡᠪᠬᠢᠲᠡᠢ ᠥᠷᠨᠢᠭᠦᠯᠵᠦ᠂ ᠰᠤᠷᠭᠠᠭᠤᠯᠢ ᠡᠬᠢᠯᠡᠬᠦ ᠠᠴᠠ ᠡᠮᠦᠨᠡᠬᠢ ᠡᠯ᠎ᠡ ᠵᠦᠢᠯ ᠤᠨ ᠠᠵᠢᠯ ᠤᠨ ᠲᠣᠭᠲᠠᠭᠤᠨ᠂ ᠡᠮᠬᠢ ᠵᠢᠷᠤᠮ  ᠲᠠᠢ᠂ ᠠᠮᠤᠷ ᠲᠦᠪᠰᠢᠨ   ᠢᠶᠠᠷ ᠶᠠᠪᠤᠭᠳᠠᠬᠤ   ᠶᠢ ᠪᠠᠲᠤᠯᠠᠭᠰᠠᠨ ᠪᠠᠶᠢᠨ᠎ᠠ᠃      ᠡᠯ᠎ᠡ ᠰᠤᠷᠭᠠᠭᠤᠯᠢ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠭᠦᠨᠵᠡᠭᠡᠢ ᠨᠠᠷᠢᠯᠢᠭ ᠥᠷᠨᠢᠭᠦᠯᠵᠦ᠂ ᠬᠢᠴᠢᠶᠡᠯ ᠤᠨ ᠭᠡᠷ᠂ ᠬᠤᠭᠤᠯᠠᠨ ᠭᠡᠷ᠂ ᠪᠠᠶᠢᠷᠢ ᠵᠡᠷᠭᠡ ᠭᠤᠣᠯᠳᠠᠯᠭ᠎ᠠ ᠲᠠᠢ ᠲᠠᠯᠠᠪᠤᠷ ᠲᠤ ᠠᠷᠢᠭᠤᠨ ᠴᠡᠪᠡᠷ᠂ ᠰᠠᠯᠬᠢ ᠵᠢᠪᠠᠷ‌ᠨᠡᠪᠲᠡᠷᠡᠭᠦᠯᠬᠦ᠂ ᠠᠷᠢᠭᠤᠳᠬᠠᠨ ᠠᠷᠢᠯᠭᠠᠬᠤ ᠠᠵᠢᠯ ᠬᠢᠵᠦ᠂ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠤᠨ ᠰᠤᠷᠭᠠᠭᠤᠯᠢ ᠶᠢᠨ ᠪᠣᠶ ᠪᠦᠬᠦᠢ ᠲᠠᠯᠠᠪᠤᠷ ᠲᠤ ᠪᠥᠬᠦ ᠲᠠᠯ᠎ᠠ ᠪᠠᠷ ᠲᠤᠶᠢᠯᠪᠤᠷᠢᠲᠠᠢ ᠠᠷᠢᠭᠤᠨ ᠴᠡᠪᠡᠷ ᠤᠨ ᠶᠡᠭᠡ ᠴᠡᠪᠡᠷᠯᠡᠭᠡ ᠬᠢᠵᠡᠢ᠃      ᠲᠣᠰ ᠤᠳᠠᠭᠠᠨ ᠤ ᠰᠤᠷᠭᠠᠭᠤᠯᠢ ᠶᠢᠨ ᠬᠦᠷᠢᠶᠡᠨ ᠤ ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠭᠰᠠᠨ ᠶᠠᠪᠤᠳᠠᠯ ᠨᠢ ᠰᠤᠷᠭᠠᠭᠤᠯᠢ ᠶᠢᠨ ᠬᠦᠷᠢᠶᠡᠨ ᠤ ᠣᠷᠴᠢᠨ ᠠᠬᠤᠢ ᠶᠢ ᠭᠤᠶᠣᠯᠠᠨ ᠴᠢᠮᠡᠵᠦ᠂ ᠰᠤᠷᠤᠭᠴᠢᠳ ᠤᠨ ᠪᠣᠯᠪᠠᠰᠤᠨ ᠤᠬᠠᠮᠰᠠᠷ ᠢ ᠬᠥᠮᠥᠵᠢᠭᠦᠯᠦᠨ᠂ ᠰᠤᠷᠭᠠᠭᠤᠯᠢ ᠶᠢᠨ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠠᠵᠢᠯ ᠢ ᠲᠦᠯᠬᠢᠨ ᠠᠬᠢᠭᠤᠯᠵᠤ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠳᠤ  ᠪᠠᠲᠤᠯᠠᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ᠦᠴᠦᠸᠠᠨ ᠰᠢᠶᠠᠨ ᠤ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号