| | | | | | ᠰᠤᠷᠭᠠᠭᠤᠯᠢ ᠡᠬᠢᠯᠡᠬᠦ ᠠᠭᠤᠷ ᠠᠮᠢᠰᠬᠤᠯ ᠢ ᠪᠤᠶ ᠪᠣᠯᠭᠠᠵᠤ᠂ ᠪᠦᠬᠦ ᠪᠠᠭᠰᠢ ᠰᠤᠷᠤᠭᠴᠢᠳ ᠲᠤ ᠴᠡᠪᠡᠷ | ᠲᠡᠭᠰᠢ᠂ ᠲᠠᠭᠠᠯᠠᠮᠵᠢᠲᠠᠢ᠂ ᠡᠷᠡᠭᠦᠯ ᠰᠠᠷᠠᠭᠤᠯ ᠰᠤᠷᠭᠠᠭᠤᠯᠢ ᠶᠢᠨ ᠬᠦᠷᠢᠶᠡᠨ ᠤ ᠣᠷᠴᠢᠨ ᠨᠥᠬᠦᠴᠡᠯ ᠢ ᠪᠤᠶ | ᠪᠣᠯᠭᠠᠬᠤ ᠶᠢᠨ ᠲᠥᠯᠥᠭᠡ᠂ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠠᠴᠠ ᠡᠮᠦᠨ᠎ᠡ ᠮᠠᠨ ᠤ ᠰᠢᠶᠠᠨ ᠤ | ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠳ ᠰᠤᠷᠭᠠᠭᠤᠯᠢ ᠶᠢᠨ ᠬᠦᠷᠢᠶᠡᠨ ᠤ ᠣᠷᠴᠢᠨ | ᠠᠬᠤᠢ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠢᠳᠡᠪᠬᠢᠲᠡᠢ ᠥᠷᠨᠢᠭᠦᠯᠵᠦ᠂ ᠰᠤᠷᠭᠠᠭᠤᠯᠢ | ᠡᠬᠢᠯᠡᠬᠦ ᠠᠴᠠ ᠡᠮᠦᠨᠡᠬᠢ ᠡᠯ᠎ᠡ ᠵᠦᠢᠯ ᠤᠨ ᠠᠵᠢᠯ ᠤᠨ ᠲᠣᠭᠲᠠᠭᠤᠨ᠂ ᠡᠮᠬᠢ ᠵᠢᠷᠤᠮ ᠲᠠᠢ᠂ ᠠᠮᠤᠷ ᠲᠦᠪᠰᠢᠨ ᠢᠶᠠᠷ | ᠶᠠᠪᠤᠭᠳᠠᠬᠤ ᠶᠢ ᠪᠠᠲᠤᠯᠠᠭᠰᠠᠨ ᠪᠠᠶᠢᠨ᠎ᠠ᠃ | ᠡᠯ᠎ᠡ ᠰᠤᠷᠭᠠᠭᠤᠯᠢ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠣᠷᠴᠢᠨ ᠲᠣᠭᠤᠷᠢᠨ ᠤ | ᠶᠡᠷᠦᠩᠬᠡᠶᠢᠯᠡᠭᠰᠡᠨ ᠵᠠᠰᠠᠯᠲᠠ ᠶᠢ ᠭᠦᠨᠵᠡᠭᠡᠢ ᠨᠠᠷᠢᠯᠢᠭ ᠥᠷᠨᠢᠭᠦᠯᠵᠦ᠂ ᠬᠢᠴᠢᠶᠡᠯ ᠤᠨ ᠭᠡᠷ᠂ ᠬᠤᠭᠤᠯᠠᠨ ᠭᠡᠷ᠂ ᠪᠠᠶᠢᠷᠢ | ᠵᠡᠷᠭᠡ ᠭᠤᠣᠯᠳᠠᠯᠭ᠎ᠠ ᠲᠠᠢ ᠲᠠᠯᠠᠪᠤᠷ ᠲᠤ ᠠᠷᠢᠭᠤᠨ ᠴᠡᠪᠡᠷ᠂ ᠰᠠᠯᠬᠢ ᠵᠢᠪᠠᠷᠨᠡᠪᠲᠡᠷᠡᠭᠦᠯᠬᠦ᠂ ᠠᠷᠢᠭᠤᠳᠬᠠᠨ ᠠᠷᠢᠯᠭᠠᠬᠤ | ᠠᠵᠢᠯ ᠬᠢᠵᠦ᠂ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠤᠨ ᠰᠤᠷᠭᠠᠭᠤᠯᠢ ᠶᠢᠨ ᠪᠣᠶ ᠪᠦᠬᠦᠢ ᠲᠠᠯᠠᠪᠤᠷ ᠲᠤ ᠪᠥᠬᠦ | ᠲᠠᠯ᠎ᠠ ᠪᠠᠷ ᠲᠤᠶᠢᠯᠪᠤᠷᠢᠲᠠᠢ ᠠᠷᠢᠭᠤᠨ ᠴᠡᠪᠡᠷ ᠤᠨ ᠶᠡᠭᠡ ᠴᠡᠪᠡᠷᠯᠡᠭᠡ ᠬᠢᠵᠡᠢ᠃ | ᠲᠣᠰ ᠤᠳᠠᠭᠠᠨ ᠤ ᠰᠤᠷᠭᠠᠭᠤᠯᠢ ᠶᠢᠨ ᠬᠦᠷᠢᠶᠡᠨ ᠤ ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ ᠴᠡᠭᠴᠡᠯᠡᠨ | ᠵᠠᠰᠠᠭᠰᠠᠨ ᠶᠠᠪᠤᠳᠠᠯ ᠨᠢ ᠰᠤᠷᠭᠠᠭᠤᠯᠢ ᠶᠢᠨ ᠬᠦᠷᠢᠶᠡᠨ ᠤ ᠣᠷᠴᠢᠨ ᠠᠬᠤᠢ ᠶᠢ ᠭᠤᠶᠣᠯᠠᠨ ᠴᠢᠮᠡᠵᠦ᠂ | ᠰᠤᠷᠤᠭᠴᠢᠳ ᠤᠨ ᠪᠣᠯᠪᠠᠰᠤᠨ ᠤᠬᠠᠮᠰᠠᠷ ᠢ ᠬᠥᠮᠥᠵᠢᠭᠦᠯᠦᠨ᠂ ᠰᠤᠷᠭᠠᠭᠤᠯᠢ ᠶᠢᠨ ᠪᠣᠯᠪᠠᠰᠤᠨ ᠰᠤᠷᠭᠠᠭᠤᠯᠢ ᠶᠢᠨ | ᠬᠦᠷᠢᠶ᠎ᠡ ᠶᠢ ᠡᠭᠦᠳᠦᠨ ᠪᠠᠶᠢᠭᠤᠯᠬᠤ ᠠᠵᠢᠯ ᠢ ᠲᠦᠯᠬᠢᠨ ᠠᠬᠢᠭᠤᠯᠵᠤ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ | ᠰᠤᠷᠭᠠᠨ ᠬᠥᠮᠦᠵᠢᠯ ᠵᠢᠭᠠᠨ ᠰᠤᠷᠭᠠᠯᠲᠠ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃ | | |