ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ‌‍ᠲ᠋ᠤᠭᠤᠰᠢᠯᠠᠭᠤᠯᠬᠤ— ᠣᠨᠤᠯ ᠢ ᠬᠥᠬᠡᠬᠤᠲᠠ ᠳᠤ ᠳᠠᠭᠤᠷᠢᠰᠤᠭᠤᠯᠬᠤ ︽ᠤᠨᠤᠯ ᠰᠤᠷᠤᠯᠴᠠᠬᠤ ᠬᠥᠩᠭᠡᠨ ᠮᠣᠷᠢᠲᠤ ᠴᠡᠷᠢᠭ︾ ᠤᠨ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠠᠩᠬᠠᠳᠠᠭᠴᠢ ᠮᠡᠳᠡᠭᠦᠯᠦᠯᠲᠡ ᠶᠢᠨ ᠬᠤᠷᠠᠯ ᠦᠴᠦᠸᠠᠨ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/2/23
     2 ᠰᠠᠷ᠎ᠠ ᠶᠢᠨ 22  ᠤᠨ ᠡᠳᠦᠷ᠂ ᠣᠨᠤᠯ ᠢ ᠬᠥᠬᠡᠬᠤᠲᠠ ᠳᠤ ᠳᠠᠭᠤᠷᠢᠰᠤᠭᠤᠯᠬᠤ ︽ᠤᠨᠤᠯ ᠰᠤᠷᠤᠯᠴᠠᠬᠤ ᠬᠥᠩᠭᠡᠨ ᠮᠣᠷᠢᠲᠤ ᠴᠡᠷᠢᠭ︾  ᠤᠨ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠠᠩᠬᠠᠳᠠᠭᠴᠢ ᠮᠡᠳᠡᠭᠦᠯᠦᠯᠲᠡ ᠶᠢᠨ ᠬᠤᠷᠠᠯ ᠦᠴᠦᠸᠠᠨ ᠰᠢᠶᠠᠨ ᠳᠤ ᠶᠠᠪᠤᠭᠳᠠᠪᠠ᠃ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ   ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠠᠵᠢᠯᠯᠠᠭ᠎ᠠ ᠪᠣᠯᠣᠨ᠎ᠠ᠃ᠪᠥᠬᠦ ᠬᠤᠲᠠ ᠶᠢᠨ ᠦᠨᠳᠦᠰᠦᠨ ᠱᠠᠲᠤᠨ ᠤ ᠣᠨᠣᠯ ᠤᠨ ᠤᠬᠠᠭᠤᠯᠤᠨ ᠲᠠᠶᠢᠯᠪᠤᠷᠢᠯᠠᠬᠤ ᠠᠵᠢᠯ ᠤᠨ ᠹᠷᠣᠨᠲ ᠦᠨᠳᠦᠰᠦᠨ ᠱᠠᠲᠤᠨ ᠳᠤ ᠬᠦᠷᠴᠦ᠂ ᠣᠯᠠᠨ ᠲᠦᠮᠡᠨ ᠤ ᠳᠤᠮᠳᠠ ᠬᠦᠷᠴᠦ᠂ ᠣᠯᠠᠨ ᠲᠦᠮᠡᠨᠴᠢ ᠴᠢᠨᠠᠷᠲᠠᠢ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠪᠣᠯᠣᠨ᠎ᠠ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠮᠢᠨ ᠪᠠᠶᠠᠷ ᠤᠨ ᠦᠭᠡ ᠬᠡᠯᠡᠬᠦ ᠳᠡᠭᠡᠨ᠂ ᠣᠶᠢᠷ᠎ᠠ ᠶᠢᠨ ᠵᠢᠯ ᠠᠴᠠ᠂ ᠦᠴᠦᠸᠠᠨ ᠰᠢᠶᠠᠨ ᠤ ᠬᠢᠨ ᠳᠡᠭᠡᠳᠦ ᠱᠠᠲᠤᠨ ᠤ ᠤᠬᠠᠭᠤᠯᠬᠤ ᠰᠠᠯᠠᠭ᠎ᠠ ᠮᠥᠴᠢᠷ ᠤᠨ ᠱᠠᠭᠠᠷᠳᠠᠯᠭ᠎ᠠ ᠶᠣᠰᠣᠭᠠᠷ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠤᠬᠠᠭᠤᠯᠤᠨ ᠲᠠᠶᠢᠯᠪᠤᠷᠢᠯᠠᠬᠤ ᠶᠡᠷᠦᠩᠬᠡᠶᠢᠯᠡᠭᠰᠡᠨ ᠲᠠᠪᠴᠠᠩ ᠢ ᠴᠢᠷᠮᠠᠶᠢᠨ ᠪᠠᠶᠢᠭᠤᠯᠵᠤ᠂ ᠤᠨᠤᠯ ᠤᠨ ᠤᠬᠠᠭᠤᠯᠤᠨ ᠲᠠᠶᠢᠯᠪᠤᠷᠢᠯᠠᠬᠤ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ᠂ ᠤᠨᠤᠯ ᠤᠨ ᠤᠬᠠᠭᠤᠯᠤᠨ ᠲᠠᠶᠢᠯᠪᠤᠷᠢᠯᠠᠬᠤ ᠡᠩᠨᠡᠭᠡ ᠶᠢ ᠪᠠᠶᠢᠭᠤᠯᠬᠤ ᠲᠠᠯ᠎ᠠ ᠪᠠᠷ ᠬᠦᠴᠦ ᠲᠠᠯᠪᠢᠵᠠᠢ᠃2023 ᠣᠨ ᠳᠤ᠂ ᠰᠢᠶᠠᠨ ᠤ ᠨᠠᠮ ᠤᠨ ᠬᠤᠷᠢᠶ᠎ᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠤᠨ᠂ ᠮᠠᠨ ᠤ ᠰᠢᠶᠠᠨ ᠤ ᠠᠮᠢ ᠠᠬᠤᠢ ᠶᠢᠨ ᠬᠠᠮᠠᠭᠠᠯᠠᠯᠲᠠ᠂ ᠠᠵᠤ ᠦᠢᠯᠡᠰ ᠤᠨ ᠬᠥᠭᠵᠢᠯᠲᠡ᠂ ᠠᠷᠠᠳ ᠲᠦᠮᠡᠨ ᠤ ᠴᠢᠨᠡᠭᠡᠯᠢᠭᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠭᠤᠷᠪᠠᠨ ᠶᠠᠪᠤᠳᠠᠯ ᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠤᠬᠠᠭᠤᠯᠤᠨ ᠲᠠᠶᠢᠯᠪᠤᠷᠢᠯᠠᠵᠤ᠂ ᠲᠦᠷᠪᠡᠨ ᠠᠵᠤ ᠦᠢᠯᠡᠰ ᠤᠨ ᠰᠠᠭᠤᠷᠢᠨ ᠢ ᠪᠦᠬᠦ ᠬᠦᠴᠦᠨ ᠢᠶᠠᠷ ᠢᠶᠠᠨ ᠴᠣᠭᠴᠠᠯᠠᠨ᠎ᠠ︔ᠪᠦᠬᠦ ᠰᠢᠶᠠᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠬᠤ ᠶᠢ ᠰᠠᠶᠢᠲᠤᠷ ᠤᠬᠠᠭᠤᠯᠤᠨ ᠲᠠᠶᠢᠯᠪᠤᠷᠢᠯᠠᠵᠤ᠂ ᠦᠷᠭᠦᠯᠵᠢᠯᠡᠨ ᠲᠡᠮᠡᠴᠡᠵᠦ ᠪᠠᠶᠢᠭᠠᠳ ︽ᠵᠢᠷᠭᠤᠭᠠᠨ ᠰᠢᠨ᠎ᠡ ᠦᠴᠦᠸᠠᠨ︾  ᠤ ᠪᠦᠲᠦᠭᠡᠨ ᠪᠠᠶᠢᠭᠤᠯᠤᠯᠲᠠ ᠶᠢᠨ ᠰᠢᠨ᠎ᠡ ᠠᠮᠵᠢᠯᠲᠠ ᠪᠦᠲᠦᠮᠵᠢ᠂ ᠰᠢᠨ᠎ᠡ ᠠᠷᠭ᠎ᠠ ᠬᠡᠮᠵᠢᠶ᠎ᠡ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠪᠡ᠃      ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠴᠧᠩ ᠵᠢᠩ ᠵᠢᠶᠦ᠋ᠨ ᠣᠨᠤᠯ ᠢ ᠬᠥᠬᠡᠬᠤᠲᠠ ᠳᠤ ᠳᠠᠭᠤᠷᠢᠰᠤᠭᠤᠯᠬᠤ ︽ᠣᠨᠣᠯ ᠰᠤᠷᠤᠯᠴᠠᠬᠤ ᠬᠥᠩᠭᠡᠨ ᠮᠣᠷᠢᠲᠤ ᠴᠡᠷᠢᠭ︾ ᠤᠨ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠤᠬᠠᠭᠤᠯᠤᠨ ᠲᠠᠶᠢᠯᠪᠤᠷᠢᠯᠠᠭᠴᠢ ᠳᠤ ᠭᠤᠷᠪᠠᠨ ᠲᠠᠯ᠎ᠠ ᠶᠢᠨ ᠬᠦᠰᠡᠯ ᠲᠠᠯᠪᠢᠵᠤ᠂ ᠨᠢᠭᠡ ᠳᠤ᠂ ᠦᠨᠳᠦᠰᠦᠨ ᠱᠠᠲᠤᠨ ᠤ ᠤᠨᠤᠯ ᠢ ᠤᠬᠠᠭᠤᠯᠤᠨ ᠲᠠᠶᠢᠯᠪᠤᠷᠢᠯᠠᠬᠤ ᠺᠠᠳ᠋ᠷ ᠪᠣᠯᠤᠭᠰᠠᠨ ᠤ ᠬᠤᠪᠢ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠣᠶᠢᠯᠠᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠪᠠ ᠲᠣᠪᠣᠶᠢᠮ᠎ᠠ ᠴᠢᠬᠤᠯᠠ ᠦᠵᠡᠯ ᠰᠠᠨᠠᠭ᠎ᠠ᠂ ᠴᠢᠬᠤᠯᠠ ᠦᠵᠡᠯᠲᠡ᠂ ᠴᠢᠬᠤᠯᠠ ᠶᠡᠭᠡ ᠨᠤᠲᠠᠯᠠᠯᠲᠠ᠂ ᠴᠢᠬᠤᠯᠠ ᠶᠡᠭᠡ ᠠᠷᠭ᠎ᠠ ᠬᠡᠮᠵᠢᠶ᠎ᠡ ᠶᠢ ᠰᠠᠶᠢᠲᠤᠷ ᠤᠬᠠᠭᠤᠯᠤᠨ ᠲᠠᠶᠢᠯᠪᠤᠷᠢᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠪᠠᠷ ᠶᠠᠷᠢᠵᠤ᠂ ᠨᠡᠪᠲᠡᠷᠡᠲᠡᠯ᠎ᠡ ᠶᠠᠷᠢᠵᠤ᠂ ᠭᠦᠨᠵᠡᠭᠡᠢ ᠶᠠᠷᠢᠬᠤ ᠬᠡᠷᠡᠭᠲᠡᠢ᠃ᠬᠤᠶᠠᠷ ᠲᠤ᠂ ᠵᠢᠱᠢᠶ᠎ᠡ ᠦᠵᠡᠭᠦᠯᠵᠦ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠵᠢᠱᠢᠶ᠎ᠡ ᠦᠵᠡᠭᠦᠯᠵᠦ ᠲᠣᠯᠣᠭᠠᠶᠢᠯᠠᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠤᠯᠠᠨ ᠵᠦᠢᠯ ᠤᠨ ᠤᠬᠠᠭᠤᠯᠭ᠎ᠠ ᠶᠢᠨ ᠬᠡᠯᠪᠡᠷᠢ ᠪᠠᠷ ᠳᠠᠮᠵᠢᠭᠤᠯᠤᠨ ᠨᠠᠮ ᠤᠨ ᠰᠢᠨ᠎ᠡ ᠡᠭᠦᠳᠦᠯᠲᠡ ᠶᠢᠨ ᠤᠨᠤᠯ ᠢ ᠡᠭᠡᠯ ᠠᠷᠠᠳ ᠤᠨ ᠭᠡᠷ ᠲᠤ ᠦᠨᠡᠨᠬᠦ ᠣᠷᠣᠭᠤᠯᠵᠤ᠂ ᠤᠬᠠᠭᠤᠯᠤᠨ ᠲᠠᠶᠢᠯᠪᠤᠷᠢᠯᠠᠬᠤ ᠲᠠᠪᠴᠠᠩ ᠢ ᠪᠠᠶᠢᠭᠤᠯᠵᠤ᠂ ᠤᠨᠤᠯ ᠤᠨ ᠤᠬᠠᠭᠤᠯᠤᠨ ᠲᠠᠶᠢᠯᠪᠤᠷᠢᠯᠠᠬᠤ ᠶᠢᠨ ᠪᠦᠷᠬᠦᠴᠡ ᠶᠢᠨ ᠬᠡᠮᠵᠢᠶ᠎ᠡ ᠪᠣᠯᠣᠨ ᠨᠥᠯᠥᠭᠡᠯᠡᠬᠦ ᠬᠦᠴᠦᠨ ᠢ ᠥᠷᠭᠡᠳᠬᠡᠬᠦ ᠬᠡᠷᠡᠭᠲᠡᠢ᠃ᠭᠤᠷᠪᠠ ᠳᠤ᠂ ᠨᠠᠮ ᠤᠨ ᠬᠠᠶᠢᠷ᠎ᠠ ᠰᠡᠳᠬᠢᠯᠭᠡ᠂ ᠠᠷᠠᠳ ᠲᠦᠮᠡᠨ ᠤ ᠬᠠᠶᠢᠷ᠎ᠠ ᠰᠡᠳᠬᠢᠯᠭᠡ᠂ ᠤᠯᠤᠰ ᠣᠷᠣᠨ ᠤ ᠬᠠᠶᠢᠷ᠎ᠠ ᠰᠡᠳᠬᠢᠯᠭᠡ ᠶᠢ ᠦᠨᠳᠦᠰᠦᠨ ᠱᠠᠲᠤᠨ ᠤ ᠤᠨᠤᠯ ᠤᠨ ᠤᠬᠠᠭᠤᠯᠤᠨ ᠲᠠᠶᠢᠯᠪᠤᠷᠢᠯᠠᠯᠲᠠ ᠳᠤ ᠠᠭᠤᠰᠬᠠᠵᠤ᠂ ᠨᠠᠮ ᠤᠨ ᠬᠠᠶᠢᠷ᠎ᠠ ᠰᠡᠳᠬᠢᠯᠭᠡ᠂ ᠨᠠᠮ ᠤᠨ ᠬᠠᠶᠢᠷ᠎ᠠ ᠰᠡᠳᠬᠢᠯᠭᠡ᠂ ᠦᠨᠡᠨ ᠰᠡᠳᠬᠢᠯᠭᠡ᠂ ᠠᠷᠠᠳ ᠤᠨ ᠬᠠᠶᠢᠷ᠎ᠠ ᠰᠡᠳᠬᠢᠯᠭᠡ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠬᠡᠷᠡᠭᠲᠡᠢ ᠭᠡᠪᠡ᠃      ᠲᠠᠷᠠᠭ᠎ᠠ ᠨᠢ᠂ ᠬᠤᠳᠠ ᠶᠢᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ 9 ᠤᠬᠠᠭᠤᠯᠤᠨ ᠲᠠᠶᠢᠯᠪᠤᠷᠢᠯᠠᠭᠴᠢ ᠰᠢᠨ᠎ᠡ ᠰᠣᠷᠭᠤᠭ ᠨᠡᠶᠢᠲᠡᠯᠢᠭ ᠵᠢᠱᠢᠶ᠎ᠡ ᠪᠠ ᠣᠶᠢᠯᠠᠭᠠᠮᠵᠢᠲᠠᠢ ᠦᠭᠡ ᠬᠡᠯᠡ ᠪᠠᠷ ᠳᠠᠮᠵᠢᠭᠤᠯᠵᠤ᠂ ᠪᠡᠶ᠎ᠡ ᠪᠠᠷ ᠢᠶᠠᠨ ᠣᠷᠤᠯᠴᠠᠬᠤ᠂ ᠬᠤᠪᠢ ᠬᠥᠮᠥᠨ ᠤ ᠠᠵᠢᠯ ᠵᠡᠷᠭᠡ ᠲᠠᠢ ᠤᠶᠠᠯᠳᠤᠭᠤᠯᠵᠤ᠂ ᠦᠯᠢᠭᠡᠷ ᠶᠠᠷᠢᠬᠤ᠂ ᠵᠣᠭᠤᠭ ᠳᠡᠯᠭᠡᠬᠦ ᠬᠡᠯᠪᠡᠷᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠠᠶᠢᠯᠪᠤᠷᠢᠯᠠᠪᠠ᠃
 
ᠢᠷᠡᠯᠲᠡ᠄ ᠦᠴᠦᠸᠠᠨ ᠰᠢᠶᠠᠨ ᠤ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号