ᠦᠴᠦᠸᠠᠨ ᠰᠢᠶᠠᠨ ᠲᠦᠷᠦᠯ ᠵᠦᠢᠯ ᠤᠨ ᠬᠠᠮᠲᠤᠷᠠᠯᠴᠠᠭᠠᠨ ᠤ ᠶᠠᠷᠢᠯᠴᠠᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/27
    2 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠪᠣᠯᠣᠨ ᠱᠠᠨᠳᠦ᠋ᠩ ᠤᠨ ᠺᠠᠢ ᠯᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠸᠧᠢ ᠰᠢᠶᠠᠨ ᠨᠠᠷ ᠪᠠᠶᠢᠭᠠᠯᠢ ᠶᠢᠨ ᠠᠯᠺᠣᠣᠯ ᠤᠨ ᠲᠥᠷᠥᠯ ᠢ ᠡᠬᠢ ᠪᠠᠶᠠᠯᠢᠭᠵᠢᠭᠤᠯᠬᠤ ᠵᠢᠴᠢ ᠥᠨᠳᠥᠷ ᠥᠷᠲᠡᠭᠲᠦ ᠬᠤᠪᠢᠷᠠᠭᠤᠯᠤᠯᠲᠠ ᠶᠢᠨ ᠲᠥᠷᠦᠯ ᠵᠦᠢᠯ ᠤᠨ ᠲᠤᠬᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ᠰᠢᠶᠠᠨ ᠤ ᠤᠳᠤᠷᠢᠳᠤᠯᠭ᠎ᠠ ᠸᠠᠩ ᠳ᠋ᠦᠩ ᠸᠧᠨ᠂ ᠴᠢ ᠫᠦ᠋ ᠵᠢᠴᠢ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ᠂ ᠤᠰᠤᠨ ᠤ ᠶᠠᠪᠤᠳᠠᠯ ᠤᠨ ᠲᠣᠪᠴᠢᠶ᠎ᠠ᠂ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠱᠠᠨᠳᠦ᠋ᠩ ᠤᠨ ᠺᠠᠢ ᠯᠢ ᠺᠣᠮᠫᠠᠨᠢ ᠶᠢᠨ ᠬᠠᠷᠢᠭᠤᠴᠠᠯᠭᠠᠲᠠᠨ ᠠᠴᠠ ᠺᠣᠮᠫᠠᠨᠢ ᠶᠢᠨ ᠦᠨᠳᠦᠰᠦᠨ ᠪᠠᠶᠢᠳᠠᠯ᠂ ᠲᠦᠷᠦᠯ ᠵᠦᠢᠯ ᠤᠨ ᠰᠠᠭᠤᠷᠢ᠂ ᠬᠥᠭᠵᠢᠯᠲᠡ ᠶᠢᠨ ᠲᠥᠯᠦᠪᠵᠢᠭᠦᠯᠭᠡ ᠵᠢᠴᠢ ᠵᠢᠱᠢᠭᠰᠡᠨ ᠬᠠᠷᠠᠯᠲᠠ ᠶᠢ ᠲᠠᠨᠢᠯᠴᠠᠭᠤᠯᠪᠠ᠃ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠲᠦᠷᠦᠯ ᠵᠦᠢᠯ ᠤᠨ ᠮᠡᠷᠭᠡᠵᠢᠯ᠂ ᠣᠷᠴᠢᠨ ᠲᠣᠭᠤᠷᠢᠨ ᠤ ᠬᠠᠮᠠᠭᠠᠯᠠᠯᠲᠠ᠂ ᠠᠵᠢᠯ ᠲᠦᠷᠦᠯ ᠤᠨ ᠬᠥᠭᠵᠢᠯᠲᠡ᠂ ᠬᠠᠮᠲᠤᠷᠠᠯᠴᠠᠭ᠎ᠠ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠭᠠᠷᠭᠠᠪᠠ᠃      ᠬᠠᠳᠠ ᠵᠢᠭᠠᠵᠤ ᠭᠠᠷᠭᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠬᠤᠶᠢᠰᠢᠳᠠ ᠶᠢᠨ ᠠᠵᠢᠯ ᠢᠶᠠᠨ ᠯᠠᠪᠳᠠᠭᠤᠨ ᠪᠠᠲᠤᠲᠠᠢ ᠠᠬᠢᠭᠤᠯᠵᠤ᠂ ᠲᠦᠷᠦᠯ ᠵᠦᠢᠯ ᠤᠨ ᠬᠡᠷᠡᠭᠵᠢᠭᠦᠯᠦᠯᠲᠡ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠵᠤ᠂ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠲᠦᠷᠦ ᠶᠢᠨ ᠪᠣᠳᠣᠯᠭ᠎ᠠ ᠶᠢᠨ ᠣᠷᠴᠢᠨ ᠲᠣᠭᠤᠷᠢᠨ ᠪᠣᠯᠣᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠵᠤ᠂ ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠠᠬᠢᠭᠤᠯᠵᠤ᠂ ᠦᠴᠦᠸᠠᠨ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号