ᠬᠠᠳᠠ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠪᠠ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/2/27
     2 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠰᠢᠶᠠᠨ ᠤ ᠳᠠᠷᠤᠭ᠎ᠠ ᠶᠢᠨ ᠠᠯᠪᠠᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ   ᠠᠴᠠ ᠥᠪᠥᠷ ᠮᠣᠩᠭᠤᠯ ᠤᠨ ᠠᠯᠠᠱᠠ ᠵᠡᠭᠦᠨ ᠬᠤᠰᠢᠭᠤᠨ ᠤ ᠵᠠᠳᠠᠭᠠᠢ ᠨᠡᠭᠦᠷᠡᠰᠦᠨ ᠠᠭᠤᠷᠬᠠᠢ ᠨᠤᠷᠠᠭᠰᠠᠨ ᠠᠳᠡᠯ ᠤᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠢ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ᠂ ᠰᠦᠨ ᠱᠣᠸ ᠴᠧᠩ ᠱᠦᠵᠢ ᠶᠢᠨ ᠲᠤᠬᠠᠢ ᠶᠢᠨ ᠲᠠᠯᠠᠪᠠᠶ ᠶᠢᠨ ᠠᠯᠪᠠᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠵᠢᠴᠢ 2 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ ᠬᠤᠲᠠ ᠶᠢᠨ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠯ ᠪᠠ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ᠬᠤᠷᠠᠯ ᠳᠡᠭᠡᠷ᠎ᠡ ᠪᠠᠰᠠ ᠮᠠᠨ ᠤ ᠰᠢᠶᠠᠨ ᠤ 2022 ᠣᠨ ᠤ ᠠᠶᠤᠯᠭᠦᠢ ᠦᠢᠯᠡᠳᠪᠦᠷᠢᠯᠡᠯ᠂ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠠᠵᠢᠯ ᠤᠨ ᠪᠠᠶᠢᠳᠠᠯ ᠢ ᠮᠡᠳᠡᠭᠳᠡᠭᠰᠡᠨ ᠪᠥᠭᠡᠳ 2023 ᠣᠨ ᠤ ᠠᠶᠤᠯᠭᠦᠢ ᠦᠢᠯᠡᠳᠪᠦᠷᠢᠯᠡᠯ᠂ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠠᠵᠢᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠲᠣᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠤ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠣᠨᠴᠠᠭᠠᠢ᠂ ᠪᠠᠶᠢᠳᠠᠯ ᠡᠭᠦᠷᠭᠡ ᠣᠨᠴᠠᠭᠠᠢ᠂ ᠠᠵᠢᠯ ᠤᠨ ᠱᠠᠭᠠᠷᠳᠠᠯᠭ᠎ᠠ ᠣᠨᠴᠠᠭᠠᠢ ᠪᠠᠶᠢᠨ᠎ᠠ᠂ ᠪᠦᠬᠦ ᠰᠢᠶᠠᠨ ᠢᠶᠠᠷ ᠢᠶᠠᠨ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠨᠢᠮᠪᠠᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠭᠡᠪᠡ᠃ᠦᠢᠯᠡᠳᠪᠦᠷᠢᠯᠡᠯ ᠤᠨ ᠬᠦᠷᠢᠶ᠎ᠡ ᠴᠠᠷᠠᠭ᠎ᠠ᠂ ᠠᠮᠢᠳᠤᠷᠠᠯ ᠤᠨ ᠬᠦᠷᠢᠶ᠎ᠡ ᠴᠠᠷᠠᠭ᠎ᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠠᠮ ᠬᠠᠷᠢᠯᠴᠠᠭ᠎ᠠ᠂ ᠭᠠᠯ ᠤᠨᠲᠠᠷᠠᠭᠠᠬᠤ᠂ ᠠᠭᠤᠷᠬᠠᠢ᠂ ᠬᠥᠮᠥᠨ ᠬᠠᠷ᠎ᠠ ᠬᠤᠷᠠᠨ ᠴᠤᠭᠯᠠᠷᠠᠳᠠᠭ ᠭᠠᠵᠠᠷ ᠵᠡᠷᠭᠡ ᠭᠤᠣᠯᠳᠠᠯᠭ᠎ᠠ ᠲᠠᠢ ᠭᠤᠭᠴᠤᠭ᠎ᠠ ᠶᠢ ᠳᠠᠷᠠᠭᠠᠯᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠥᠨᠳᠡᠯᠡᠨ ᠢᠶᠠᠷ ᠵᠠᠬ᠎ᠠ ᠬᠢᠵᠠᠭᠠᠷ ᠲᠤ ᠬᠦᠷᠴᠦ᠂ ᠭᠤᠯᠳᠤ ᠪᠠᠷ ᠡᠴᠦᠰ ᠲᠤᠨᠢ ᠲᠤᠯᠲᠠᠯ᠎ᠠ ᠬᠢᠵᠦ᠂ ᠪᠦᠬᠦᠨ ᠢ ᠪᠦᠷᠬᠦᠭᠦᠯᠵᠦ᠂ ᠥᠨᠴᠥᠭ ᠪᠤᠯᠤᠩ ᠦᠭᠡᠢ ᠪᠠᠶᠢᠯᠭᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ᠃ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠰᠠᠶᠢᠲᠤᠷ ᠬᠢᠵᠦ᠂ ᠪᠣᠳᠠᠲᠤ ᠶᠠᠪᠤᠳᠠᠯ ᠢ ᠪᠠᠶᠢᠴᠠᠭᠠᠨ ᠲᠣᠳᠣᠷᠬᠠᠶᠢᠯᠠᠵᠤ᠂ ᠰᠤᠳᠠᠰᠤ ᠶᠢ ᠨᠢ ᠡᠮᠬᠢᠯᠡᠵᠦ᠂ ᠪᠣᠭᠤᠮᠲᠠ ᠰᠢᠪᠲᠤᠯᠬᠤ ᠶᠢ ᠭᠦᠨᠵᠡᠭᠡᠶᠢᠷᠡᠭᠦᠯᠵᠦ᠂ ᠵᠥᠷᠢᠴᠡᠯ ᠤᠨ ᠭᠡᠮ ᠰᠣᠭᠤᠭ ᠢ ᠠᠷᠢᠯᠭᠠᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠢᠳᠡᠪᠬᠢᠲᠡᠢ ᠪᠠᠷ ᠬᠠᠮᠵᠢᠯᠴᠠᠨ ᠬᠠᠮᠲᠤᠷᠠᠯᠴᠠᠵᠤ᠂ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠠᠵᠢᠯ ᠤᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠬᠦ ᠬᠡᠷᠡᠭᠲᠡᠢ᠃     ᠬᠤᠷᠠᠯ ᠠᠴᠠ᠂ ᠪᠦᠬᠦ ᠰᠢᠶᠠᠨ ᠤ ᠬᠡᠪᠴᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠶᠡᠬᠡᠪᠡᠷ ᠪᠠᠶᠢᠴᠠᠭᠠᠬᠤ᠂ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠳᠠᠷᠤᠶᠢᠬᠠᠨ ᠥᠷᠨᠢᠭᠦᠯᠵᠦ᠂ ᠪᠠᠭᠤᠷᠠᠢ ᠭᠤᠭᠴᠤᠭ᠎ᠠ ᠪᠣᠯᠣᠨ ᠬᠦᠴᠢᠷᠳᠡᠯ ᠲᠠᠢ ᠠᠰᠠᠭᠤᠳᠠᠯ ᠢ ᠴᠢᠩᠭ᠎ᠠ ᠠᠩᠬᠠᠷᠴᠤ᠂ ᠡᠬᠡ ᠳᠠᠩᠰᠠ ᠪᠠᠶᠢᠭᠤᠯᠵᠤ᠂ ᠨᠠᠷᠢᠨ ᠳᠠᠩᠰᠠ ᠭᠠᠷᠭᠠᠵᠤ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠦᠨᠡᠨᠬᠦ ᠴᠡᠭᠴᠡᠯᠡᠨ ᠰᠠᠶᠢᠵᠢᠷᠠᠭᠤᠯᠬᠤ ᠬᠡᠷᠡᠭᠲᠡᠢ︔ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ ᠤᠳᠤᠷᠢᠳᠤᠯᠭ᠎ᠠ ᠵᠢᠵᠢᠭᠦᠷ ᠳᠠᠭᠠᠭᠤᠯᠬᠤ ᠪᠠ ᠲᠤᠰᠬᠠᠢ ᠬᠥᠮᠥᠨ ᠢᠶᠠᠷ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ︔ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠬᠤ ᠬᠡᠷᠡᠭᠲᠡᠢ᠃ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠶᠡᠷᠦᠩᠬᠡᠶᠢᠯᠡᠨ ᠨᠢᠭᠡᠳᠦᠯᠲᠡᠢ ᠲᠥᠯᠥᠪᠵᠢᠭᠦᠯᠵᠦ᠂ ᠵᠣᠬᠢᠴᠠᠭᠤᠯᠤᠨ ᠪᠠᠶᠢᠷᠢᠯᠠᠭᠤᠯᠵᠤ᠂ ᠨᠢᠭᠲᠠ ᠬᠠᠮᠵᠢᠯᠴᠠᠵᠤ᠂ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠦᠷᠦᠯ ᠤᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠵᠦ᠂ ᠡᠯ᠎ᠡ ᠲᠦᠷᠦᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠡᠷᠡᠰ ᠰᠡᠷᠭᠡᠶᠢᠯᠡᠨ ᠠᠷᠢᠯᠭᠠᠵᠤ᠂ ᠪᠦᠬᠦ ᠤᠯᠤᠰ ᠤᠨ︽ᠬᠤᠶᠠᠷ ᠬᠤᠷᠠᠯ︾  ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠤ ᠱᠠᠭᠠᠷᠳᠠᠪᠠ᠃
 
ᠢᠷᠡᠯᠲᠡ᠄ ᠦᠴᠦᠸᠠᠨ ᠰᠢᠶᠠᠨ ᠤ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号