︵ᠰᠤᠷᠪᠤᠯᠵᠢᠯᠠᠭᠴᠢ ᠯᠢᠶᠠᠩ ᠵᠢᠩ ᠱᠤ᠋︶ 2 ᠳ᠋ᠤᠭᠠᠷ ᠰᠠᠷ᠎ᠠ ᠶᠢᠨ 27 ᠤ ᠡᠳᠦᠷ᠂ ᠪᠦᠬᠦ ᠬᠤᠳᠠ ᠶᠢᠨ ᠪᠦᠬᠦ | ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠰᠢᠪᠲᠤᠯᠤᠯᠲᠠ ᠶᠢᠨ ᠬᠤᠷᠠᠯ ᠵᠢᠴᠢ ᠤᠯᠤᠰ ᠤᠨ | ᠢᠳᠡᠭᠡᠨ ᠤ ᠠᠶᠤᠯᠭᠦᠢ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠲᠣᠬᠢᠷᠠᠭᠤᠯᠤᠯᠲᠠ ᠶᠢᠨ ᠬᠤᠷᠠᠯ | ᠬᠤᠷᠠᠯᠳᠤᠪᠠ᠃ ᠬᠤᠷᠠᠯ ᠠᠴᠠ ᠮᠠᠨ ᠤ ᠬᠤᠲᠠ ᠶᠢᠨ ᠤᠯᠤᠰ ᠤᠨ ᠢᠳᠡᠭᠡᠨ ᠤ ᠠᠶᠤᠯᠭᠦᠢ ᠶᠢᠨ ᠵᠢᠱᠢᠶ᠎ᠡ ᠦᠵᠡᠭᠦᠯᠬᠦ | ᠬᠤᠲᠠ ᠪᠠ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠠᠬᠢᠴᠠ ᠶᠢᠨ ᠪᠠᠶᠢᠳᠠᠯ ᠢ | ᠵᠠᠷᠯᠠᠨ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠷᠠᠯ ᠢ | ᠡᠷᠭᠢᠯᠡᠪᠡ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠪᠣᠯᠣᠨ ᠡᠯ᠎ᠡ ᠱᠠᠲᠤᠨ ᠤ | ᠤᠳᠤᠷᠢᠳᠬᠤ ᠺᠠᠳ᠋ᠷᠴᠤᠳ ︽ᠬᠠᠷᠠᠯᠲᠠ︾ ᠶᠢ ᠰᠠᠶᠢᠲᠤᠷ ᠠᠩᠬᠠᠷᠴᠤ᠂ ᠳᠡᠭᠡᠷ᠎ᠡ ᠠᠴᠠ ᠳᠣᠷᠣᠭᠰᠢ ᠪᠠᠨ | ᠪᠦᠬᠦᠨ ᠢᠶᠠᠷ ᠢᠶᠠᠨ ᠬᠥᠳᠡᠯᠦᠯᠴᠡᠵᠦ᠂ ᠠᠵᠢᠯ ᠳᠠᠭᠠᠨ ᠥᠨᠴᠥᠭ ᠪᠤᠯᠤᠩ ᠦᠯᠡᠳᠡᠭᠡᠬᠦ ᠦᠭᠡᠢ᠂ ᠰᠣᠬᠤᠷ ᠪᠠᠯᠠᠢ | ᠣᠷᠣᠨ ᠦᠯᠡᠳᠡᠭᠡᠬᠦ ᠦᠭᠡᠢ ᠪᠠᠷ ᠡᠯ᠎ᠡ ᠵᠦᠢᠯ ᠤᠨ ᠠᠵᠢᠯ ᠤᠨ ᠡᠭᠦᠷᠭᠡ ᠬᠠᠷᠠᠯᠲᠠ ᠪᠠᠨ ᠲᠡᠭᠦᠰ ᠠᠮᠵᠢᠯᠲᠠ ᠲᠠᠢ | ᠪᠡᠶᠡᠯᠡᠭᠦᠯᠬᠦ ᠬᠡᠷᠡᠭᠲᠡᠢ᠃ ︽ᠠᠰᠠᠭᠤᠳᠠᠯ︾ ᠢ ᠰᠠᠶᠢᠲᠤᠷ ᠠᠩᠬᠠᠷᠴᠤ᠂ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ | ᠴᠢᠩᠭᠠᠷᠠᠭᠤᠯᠤᠨ ᠰᠠᠶᠢᠲᠤᠷ ᠠᠳᠬᠤᠵᠤ᠂ ᠨᠠᠷᠢᠨ ᠬᠠᠭᠤᠳᠠᠰᠤ ᠭᠠᠷᠭᠠᠨ ᠡᠬᠡ ᠳᠠᠩᠰᠠ ᠪᠠᠶᠢᠭᠤᠯᠵᠤ᠂ ᠴᠡᠭᠴᠡᠯᠡᠨ | ᠰᠠᠶᠢᠵᠢᠷᠠᠭᠤᠯᠬᠤ ᠠᠰᠠᠭᠤᠳᠠᠯ ᠢ ︽ᠬᠤᠭᠤᠰᠤᠯᠠᠲᠠᠯᠠ︾ ᠰᠢᠢᠳᠪᠦᠷᠢᠯᠡᠬᠦ ᠬᠡᠷᠡᠭᠲᠡᠢ᠃ ︽ᠬᠢᠨᠠᠨ ᠰᠢᠯᠭᠠᠬᠤ︾ ᠶᠢ | ᠰᠠᠶᠢᠲᠤᠷ ᠠᠩᠬᠠᠷᠴᠤ᠂ ᠮᠠᠲ᠋ᠧᠷᠢᠶᠠᠯ ᠬᠠᠩᠭᠠᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠬᠤ᠂ ᠤᠬᠠᠭᠤᠯᠵᠤ | ᠬᠥᠲᠥᠯᠥᠨ ᠵᠢᠯᠤᠭᠤᠳᠬᠤ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠰᠠᠶᠢᠲᠤᠷ ᠬᠢᠵᠦ᠂ ᠡᠯ᠎ᠡ ᠵᠦᠢᠯ ᠤᠨ | ᠠᠵᠢᠯ ᠢ ᠥᠨᠳᠥᠷ ᠪᠦᠲᠦᠮᠵᠢᠲᠡᠢ ᠠᠬᠢᠭᠤᠯᠬᠤ ᠬᠡᠷᠡᠭᠲᠡᠢ᠃ ︽ᠨᠠᠶᠢᠳᠠᠪᠤᠷᠢᠵᠢᠭᠤᠯᠬᠤ︾ ᠶᠢ ᠴᠢᠩᠭ᠎ᠠ ᠠᠩᠬᠠᠷᠴᠤ᠂ | ᠡᠯ᠎ᠡ ᠱᠠᠲᠤᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠬᠤᠳᠠ ᠶᠢᠨ ᠲᠡᠰ ᠳᠠᠪᠬᠤᠷᠭ᠎ᠠ ᠠᠴᠠ | ᠨᠢᠭᠡᠳᠦᠯᠲᠡᠢ ᠰᠠᠶᠢᠲᠤᠷ ᠲᠥᠯᠥᠪᠵᠢᠭᠦᠯᠵᠦ᠂ ᠬᠤᠰᠢᠭᠤ ᠰᠢᠶᠠᠨ ᠲᠣᠭᠤᠷᠢᠭ ᠤᠨ ᠬᠢᠨ ᠬᠡᠷᠡᠭᠵᠢᠭᠦᠯᠬᠦ ᠭᠤᠣᠯ | ᠴᠣᠭᠴᠠ ᠪᠣᠯᠤᠭᠰᠠᠨ ᠤ ᠬᠤᠪᠢ ᠳᠤ ᠬᠠᠷᠢᠶ᠎ᠠ ᠣᠷᠣᠨ ᠤ ᠬᠠᠷᠢᠭᠤᠴᠠᠯᠭ᠎ᠠ ᠪᠠᠨ ᠰᠠᠶᠢᠲᠤᠷ ᠨᠠᠶᠢᠳᠠᠪᠤᠷᠢᠵᠢᠭᠤᠯᠵᠤ᠂ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠰᠠᠶᠢᠲᠤᠷ | ᠪᠠᠳᠠᠷᠠᠭᠤᠯᠵᠤ᠂ ᠬᠠᠷᠢᠯᠴᠠᠨ ᠣᠯᠣᠯᠴᠠᠵᠤ ᠨᠢᠭᠲᠠᠷᠠᠨ ᠬᠠᠮᠵᠢᠯᠴᠠᠵᠤ᠂ ᠤᠬᠠᠭᠤᠯᠤᠨ ᠳᠠᠶᠢᠴᠢᠯᠠᠬᠤ ᠠᠵᠢᠯ ᠢ ᠪᠦᠬᠦ | ᠲᠠᠯ᠎ᠠ ᠪᠠᠷ ᠰᠠᠶᠢᠲᠤᠷ ᠬᠢᠵᠦ᠂ ᠪᠦᠬᠦ ᠠᠷᠠᠳ ᠢ ᠲᠠᠶᠢᠴᠢᠯᠠᠵᠦ᠂ ᠪᠦᠬᠦ ᠠᠷᠠᠳ ᠢᠶᠠᠷ ᠢᠶᠠᠨ ᠣᠷᠣᠯᠴᠠᠵᠤ᠂ ᠳᠡᠭᠡᠳᠦ | ᠳᠣᠣᠷᠠᠳᠤ ᠱᠠᠲᠤ ᠪᠠᠷ ᠢᠶᠠᠨ ᠴᠢᠷᠮᠠᠶᠢᠵᠤ᠂ ᠡᠯ᠎ᠡ ᠵᠦᠢᠯ ᠤᠨ ᠠᠵᠢᠯ ᠤᠨ ᠵᠢᠱᠢᠭᠰᠡᠨ ᠦᠷ᠎ᠡ ᠪᠦᠲᠦᠮᠵᠢ ᠳᠤ ᠬᠦᠷᠬᠦ | ᠬᠡᠷᠡᠭᠲᠡᠢ᠃ ︽ᠠᠶᠤᠯᠭᠦᠢ︾ ᠶᠢ ᠰᠠᠶᠢᠲᠤᠷ ᠠᠩᠬᠠᠷᠴᠤ᠂ ᠭᠠᠳᠠᠷ ᠣᠷᠣᠨ ᠤ ᠠᠶᠤᠯᠭᠦᠢ ᠦᠢᠯᠡᠳᠪᠦᠷᠢᠯᠡᠯ ᠤᠨ | ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠪᠠᠭᠤᠷᠠᠢ ᠭᠤᠭᠴᠤᠭ᠎ᠠ ᠪᠣᠯᠣᠨ ᠲᠣᠪᠣᠶᠢᠮ᠎ᠠ ᠠᠰᠠᠭᠤᠳᠠᠯ ᠢ ᠪᠦᠬᠦ | ᠲᠠᠯ᠎ᠠ ᠪᠠᠷ ᠪᠠᠶᠢᠴᠠᠭᠠᠵᠤ᠂ ᠡᠯ᠎ᠡ ᠵᠦᠢᠯ ᠤᠨ ᠠᠵᠢᠯ ᠢ ᠴᠢᠩᠭ᠎ᠠ ᠨᠢᠮᠪᠠᠢ ᠪᠣᠳᠠᠲᠠᠢ ᠰᠠᠶᠢᠲᠤᠷ ᠬᠢᠵᠦ᠂ ᠠᠶᠤᠯᠭᠦᠢ | ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠣᠭᠲᠠᠭᠤᠨ ᠢ | ᠪᠠᠲᠤᠯᠠᠬᠤ ᠬᠡᠷᠡᠭᠲᠡᠢ ᠭᠡᠵᠡᠢ᠃ | ᠼᠦᠢ ᠵᠧᠨ ᠦ᠋᠂ ᠯᠢᠦ ᠴᠧᠩ ᠮᠢᠨ᠂ ᠰᠢᠨ ᠨᠠ ᠵᠡᠷᠭᠡ ᠬᠤᠳᠠ ᠶᠢᠨ ᠤᠳᠤᠷᠢᠳᠤᠯᠭ᠎ᠠ ᠵᠢᠴᠢ ᠬᠠᠮᠢᠶ᠎ᠠ | ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ |