ᠾᠧ ᠬᠠᠢ ᠳ᠋ᠦᠩ ᠯᠢ ᠵᠢᠶᠦ᠋ᠩ ᠣᠷᠣᠯᠴᠠᠵᠠᠢ | ︵ᠰᠤᠷᠪᠤᠯᠵᠢᠯᠠᠭᠴᠢ ᠯᠢᠶᠠᠩ ᠵᠢᠩ ᠱᠤ᠋︶ 2 ᠳ᠋ᠤᠭᠠᠷ ᠰᠠᠷ᠎ᠠ ᠶᠢᠨ 27 ᠤ ᠡᠳᠦᠷ᠂ ᠬᠤᠳᠠ ᠶᠢᠨ ᠨᠠᠮ ᠤᠨ | ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ 2023 ᠣᠨ ᠤ ᠬᠤᠶᠠᠳᠤᠭᠠᠷ | ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ ᠪᠠ | ᠪᠢᠴᠢᠭ ᠢᠶᠠᠷ ᠰᠤᠳᠤᠯᠤᠨ ᠶᠠᠷᠢᠯᠴᠠᠬᠤ ᠬᠡᠯᠪᠡᠷᠢ ᠪᠠᠷ ᠬᠤᠷᠠᠯᠳᠤᠵᠤ᠂ ᠲᠥᠪ ᠤᠨ ᠨᠠᠮ ᠤᠨ ᠰᠤᠷᠭᠠᠭᠤᠯᠢ ︵ | ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠰᠤᠳᠤᠯᠬᠤ ᠲᠠᠰᠤᠭ ᠤᠨ ᠨᠢᠭᠡᠳᠦᠭᠡᠷ ᠳᠡᠰ ᠤᠨ | ᠲᠣᠭᠤᠷᠢᠨ ᠪᠠᠶᠢᠴᠠᠭᠠᠭᠴᠢ ᠯᠢ ᠴᠢᠩ ᠴᠢᠤᠸᠠᠨ ᠢ ᠤᠷᠢᠵᠤ ︽ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ | ᠠᠬᠢᠭᠤᠯᠤᠶ᠎ᠠ︾ ᠭᠡᠬᠦ ᠰᠡᠳᠦᠪ ᠢᠶᠠᠷ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠯᠭᠡᠪᠡ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ᠂ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠡᠷᠢᠭᠦᠯᠡᠭᠴᠢ ᠯᠢ ᠵᠢᠶᠦ᠋ᠩ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠯᠢ ᠴᠢᠩ ᠴᠢᠤᠸᠠᠨ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠳᠤᠮᠳᠠᠳᠤ ᠤᠯᠤᠰ ᠤᠨ ᠡᠪ | ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ | ᠤᠯᠤᠰ ᠤᠨ ᠣᠨᠴᠠᠯᠢᠭ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ | ᠱᠠᠭᠠᠷᠳᠠᠯᠭ᠎ᠠ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠲᠣᠬᠢᠷᠠᠭᠤᠯᠤᠯᠲᠠ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ | ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠴᠢᠬᠤᠯᠠ ᠶᠡᠭᠡ ᠵᠠᠷᠴᠢᠮ ᠵᠡᠷᠭᠡ ᠲᠠᠪᠤᠨ ᠲᠠᠯ᠎ᠠ ᠠᠴᠠ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠲᠤᠬᠠᠢ ᠭᠦᠨᠵᠡᠭᠡᠢ ᠣᠶᠢᠯᠠᠭᠠᠮᠵᠢᠲᠠᠢ ᠲᠠᠶᠢᠯᠤᠮᠵᠢ ᠬᠢᠵᠡᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠬᠤᠷᠢᠶᠠᠨ ᠳᠤ | ᠰᠢᠨ᠎ᠡ ᠣᠷᠣᠭᠰᠠᠨ ᠭᠡᠰᠢᠭᠦᠨ᠂ ᠣᠷᠣᠯᠠᠭᠴᠢ ᠭᠡᠰᠢᠭᠦᠨ ᠪᠣᠯᠣᠨ ᠮᠤᠵᠢ ᠶᠠᠮᠤᠨ ᠤ ᠳᠡᠰ ᠤᠨ ᠭᠤᠣᠯ ᠤᠳᠤᠷᠢᠳᠬᠤ | ᠺᠠᠳ᠋ᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠭᠢ ᠳᠤ ᠬᠢᠭᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ | ᠤᠯᠤᠰ ᠤᠨ ᠣᠨᠴᠠᠯᠢᠭ᠂ ᠮᠥᠨ ᠴᠢᠨᠠᠷ ᠤᠨ ᠱᠠᠭᠠᠷᠳᠠᠯᠭ᠎ᠠ᠂ ᠴᠢᠬᠤᠯᠠ ᠶᠡᠭᠡ ᠵᠠᠷᠴᠢᠮ ᠢ ᠭᠦᠨᠵᠡᠭᠡᠢ ᠣᠶᠢᠯᠠᠭᠠᠵᠤ᠂ | ᠣᠷᠣᠨ ᠤ ᠲᠥᠪ ᠤᠨ ᠨᠠᠶᠢᠳᠠᠪᠤᠷᠢᠵᠢᠭᠤᠯᠤᠯᠲᠠ ᠶᠢ ᠠᠳᠬᠤᠬᠤ ᠭᠠᠷᠳᠠᠴᠠ ᠪᠠᠨ ᠣᠨᠣᠪᠴᠢᠲᠠᠢ ᠣᠯᠵᠤ᠂ | ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠣᠳᠣᠬᠢᠴᠢᠯᠠᠭᠰᠠᠨ ᠣᠷᠣᠨ ᠪᠦᠰᠡ ᠶᠢᠨ ᠭᠤᠣᠯ ᠬᠤᠳᠠ ᠶᠢ ᠲᠦᠷᠭᠡᠨ | ᠪᠦᠲᠦᠭᠡᠨ ᠪᠠᠶᠢᠭᠤᠯᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠣᠷᠣᠨ ᠤ ᠲᠥᠪ ᠤᠨ ᠬᠦᠴᠦᠨ | ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃ | ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ | ᠰᠤᠷᠤᠯᠴᠠᠬᠤ ᠭᠤᠣᠯ ᠳᠤᠭᠤᠶᠢᠯᠠᠩ ᠤᠨ ᠭᠡᠰᠢᠭᠦᠳ ᠵᠢᠴᠢ ᠬᠤᠳᠠ ᠶᠢᠨ ᠱᠠᠲᠤᠨ ᠤ ᠪᠤᠰᠤᠳ ᠤᠳᠤᠷᠢᠳᠬᠤ | ᠨᠥᠬᠦᠳ ᠭᠤᠣᠯ ᠬᠤᠷᠠᠯ ᠤᠨ ᠲᠠᠯᠠᠪᠠᠢ ᠳᠤ ᠣᠷᠣᠯᠴᠠᠵᠤ᠂ ᠡᠯ᠎ᠡ ᠬᠤᠰᠢᠭᠤ ᠰᠢᠶᠠᠨ ᠲᠣᠭᠤᠷᠢᠭ᠂ ᠬᠤᠷᠢᠨᠭᠡᠷ ᠰᠢᠨ᠎ᠡ | ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ | ᠲᠣᠬᠢᠷᠠᠭᠤᠯᠪᠠ᠃ |