ᠪᠦᠬᠦ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/3
    1 ᠳ᠋ᠦ᠋ᠭᠡᠷ ᠰᠠᠷ᠎ᠠ ᠶᠢᠨ 31 ᠤ ᠡᠳᠦᠷ᠂ ᠦᠴᠦᠸᠠᠨ ᠰᠢᠶᠠᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠬᠤᠷᠠᠯ   ᠠᠴᠠ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2022 ᠣᠨ ᠤ ᠮᠠᠨ ᠤ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠪᠥᠬᠦ ᠲᠠᠯ᠎ᠠ ᠪᠠᠷ ᠡᠷᠭᠢᠴᠡᠭᠦᠯᠦᠨ ᠳ᠋ᠦᠩᠨᠡᠵᠦ᠂ 2023 ᠣᠨ ᠤ ᠤᠯᠤᠰ ᠲᠥᠷᠥ ᠬᠠᠤᠯᠢ ᠴᠠᠭᠠᠵᠠ ᠶᠢᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ   ᠶᠢᠨ ᠬᠤᠷᠢᠶᠠᠨ ᠤ ᠱᠦᠵᠢ ᠵᠧᠦ ᠵᠧᠨ ᠭᠤᠸᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ᠂ ᠳᠣᠲᠣᠭᠠᠳᠤ   ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠸᠧᠨ ᠯᠢᠨ ᠹᠠᠨ ᠬᠤᠷᠠᠯ   ᠢ ᠡᠷᠭᠢᠯᠡᠵᠡᠶ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠪᠦᠬᠦ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠣᠯᠣᠨ ᠰᠢᠶᠠᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠤᠷ ᠠᠮᠤᠭᠤᠯᠠᠩ ᠦᠴᠦᠸᠠᠨ ᠤ ᠪᠦᠲᠦᠭᠡᠨ ᠪᠠᠶᠢᠭᠤᠯᠤᠯᠲᠠ᠂ ᠤᠯᠤᠰ ᠲᠦᠷᠦ ᠬᠠᠤᠯᠢ ᠴᠠᠭᠠᠵᠠ ᠶᠢᠨ ᠬᠦᠷᠢᠶᠡᠨ ᠤ ᠥᠭᠡᠷᠡᠴᠢᠯᠡᠯᠲᠡ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠡᠯ᠎ᠡ ᠲᠠᠯ᠎ᠠ ᠶᠢᠨ ᠠᠵᠢᠯ ᠳᠤ ᠴᠥᠮ ᠢᠳᠡᠪᠬᠢᠲᠡᠢ ᠦᠷ᠎ᠡ ᠪᠦᠲᠦᠮᠵᠢ ᠣᠯᠵᠠᠢ ᠭᠡᠪᠡ᠃      ᠬᠤᠷᠠᠯ   ᠠᠴᠠ ᠱᠠᠭᠠᠷᠳᠠᠭᠰᠠᠨ ᠨᠢ᠂ ᠲᠠᠷᠠᠭᠠᠴᠢ ᠶᠢᠨ ᠠᠯᠬᠤᠮ ᠤᠨ ᠡᠯ᠎ᠡ ᠵᠦᠢᠯ ᠤᠨ ᠠᠵᠢᠯ ᠤᠨ ᠳᠤᠮᠳᠠ᠂ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠥᠬᠦ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠨᠤᠭᠤᠳ ᠤᠯᠤᠰ ᠲᠥᠷᠥ ᠬᠠᠤᠯᠢ ᠴᠠᠭᠠᠵᠠ ᠶᠢᠨ ᠠᠵᠢᠯ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠦᠨᠡᠨ ᠬᠦ ᠪᠠᠲᠤᠯᠠᠬᠤ ᠬᠡᠷᠡᠭᠲᠡᠢ︔ᠬᠤᠶᠠᠷ ᠲᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠡᠷᠬᠡᠰᠢᠶᠡᠬᠦ ᠰᠡᠳᠬᠢᠯᠭᠡ ᠶᠢ ᠡᠷᠡᠰ ᠲᠡᠪᠴᠢᠵᠦ᠂ ᠳᠤᠲᠠᠭᠤᠳᠠᠯ ᠢᠶᠠᠨ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠠᠵᠢᠯ ᠢᠶᠠᠨ ᠬᠦᠴᠦᠲᠡᠢ ᠡᠮᠬᠢ ᠵᠢᠷᠤᠮ ᠲᠠᠢ ᠥᠷᠨᠢᠭᠦᠯᠬᠦ ᠶᠢ ᠠᠬᠢᠭᠤᠯᠬᠤ ᠬᠡᠷᠡᠭᠲᠡᠢ︔ᠭᠤᠷᠪᠠ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠤ ᠬᠤᠷᠢᠭ᠎ᠠ ᠱᠤᠭᠤᠮ ᠢ ᠡᠷᠡᠰ ᠰᠠᠬᠢᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠴᠢᠩᠭ᠎ᠠ ᠰᠡᠷᠭᠡᠶᠢᠯᠡᠨ ᠠᠷᠢᠯᠭᠠᠵᠤ᠂ ᠦᠴᠦᠸᠠᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠠᠮᠤᠷ ᠲᠦᠪᠰᠢᠨ ᠲᠣᠭᠲᠠᠭᠤᠨ ᠤᠯᠤᠰ ᠲᠦᠷᠦ ᠨᠡᠶᠢᠭᠡᠮ ᠤᠨ ᠣᠷᠴᠢᠨ ᠲᠣᠭᠤᠷᠢᠨ ᠢ ᠡᠭᠦᠳᠬᠦ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号