ᠶᠠᠩ ᠰᠢᠩ ᠱᠧᠩ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠡᠭᠡᠷ᠎ᠡ᠄ ᠪᠦᠬᠦ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠦᠴᠦᠸᠠᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ
ᠨᠡᠶᠢᠲᠡᠯᠡᠭᠰᠡᠨ ᠴᠠᠭ᠄
2023/2/3
     ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ 2 ᠰᠠᠷ᠎ᠠ   ᠶᠢᠨ 1 ᠤ ᠡᠳᠦᠷ ᠬᠤᠷᠠᠯᠳᠤᠵᠤ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠬᠠᠳᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ   ᠶᠢᠨ ᠬᠤᠷᠢᠶᠠᠨ ᠤ ᠡᠷᠬᠢᠯᠡᠭᠴᠢ ᠷᠧᠨ ᠶᠠᠨ ᠰᠢᠶᠠᠩ᠂ ᠰᠢᠶᠠᠨ ᠤ ᠤᠯᠤᠰ ᠲᠥᠷᠥ   ᠶᠢᠨ ᠵᠥᠪᠯᠡᠯᠭᠡᠨ ᠤ ᠲᠡᠷᠢᠭᠦᠯᠡᠭᠴᠢ ᠰᠢᠶᠧ ᠴᠢᠦᠢ ᠫᠢᠩ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ   ᠶᠢᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ᠂ ᠰᠢᠶᠠᠨ ᠤ ᠤᠯᠤᠰ ᠲᠥᠷᠥ   ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠢᠶᠠᠨ ᠤ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠭᠤᠷᠪᠠᠳᠤᠭᠠᠷ ᠬᠢᠨᠠᠨ ᠪᠠᠶᠢᠴᠠᠭᠠᠬᠤ ᠲᠠᠰᠤᠭ ᠤᠨ ᠳᠡᠳ᠋ ᠡᠷᠬᠢᠯᠡᠭᠴᠢ ᠶᠦᠨ ᠾᠦᠢ ᠮᠢᠨ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃      ᠪᠥᠬᠦᠳᠡ ᠬᠤᠷᠠᠯ ᠢ ᠦᠴᠦᠸᠠᠨ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠡᠷᠭᠢᠯᠡᠵᠦ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠠᠨ ᠰᠢᠶᠠᠨ ᠦ᠋ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠮᠦᠨ᠎ᠡ ᠠᠴᠠ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠠᠶᠠᠨ ᠵᠠᠮ ᠳᠤ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠪᠠᠷ ᠲᠦᠯᠬᠢᠨ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠦᠴᠦᠸᠠᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠶ᠎ᠠ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠵᠡᠢ᠃      ᠪᠦᠭᠦᠳᠡ ᠬᠤᠷᠠᠯ ᠠᠴᠠ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠤᠶᠠᠳᠤᠭᠠᠷ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ᠂ ᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠪᠠ ᠰᠢᠶᠠᠨ ᠤ ᠨᠠᠮ ᠤᠨ ᠬᠤᠷᠢᠶ᠎ᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ 2022 ᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠳ᠋ᠦᠩᠨᠡᠵᠦ᠂ 2023 ᠣᠨ ᠤ ᠡᠭᠦᠷᠭᠡ ᠶᠢ ᠪᠠᠶᠢᠷᠢᠯᠠᠭᠤᠯᠪᠠ᠃      ᠶᠠᠩ ᠰᠢᠩ ᠱᠧᠩ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠣᠨ ᠰᠢᠶᠠᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ  ᠬᠢᠨ ᠨᠠᠮ ᠤᠨ ᠳᠦᠷᠢᠮ ᠪᠣᠯᠣᠨ ᠦᠨᠳᠦᠰᠦᠨ ᠬᠠᠤᠯᠢ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠤᠯᠤᠰ ᠲᠦᠷᠦ ᠪᠠᠷ ᠬᠥᠲᠥᠯᠥᠨ ᠳᠠᠭᠠᠭᠤᠯᠬᠤ ᠶᠢ ᠢᠮᠠᠭᠲᠠ ᠪᠠᠷᠢᠮᠲᠠᠯᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠨ ᠪᠠᠲᠤ ᠴᠢᠩᠭ᠎ᠠ ᠠᠳᠬᠤᠪᠠ︔︽ᠤᠯᠤᠰ ᠤᠨ ᠶᠡᠭᠡ ᠶᠠᠪᠤᠳᠠᠯ︾ ᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠤᠨ ᠦᠢᠯᠡᠳᠦᠯᠭᠡᠵᠢᠭᠦᠯᠵᠦ᠂ ᠬᠢᠨᠠᠯᠲᠠ ᠲᠠᠯᠪᠢᠯᠲᠠ ᠶᠢ ᠠᠬᠢᠭᠤᠯᠤᠨ ᠬᠡᠷᠡᠭᠵᠢᠭᠦᠯᠦᠯᠲᠡ ᠶᠢᠨ ᠬᠥᠭᠵᠢᠯᠲᠡ ᠶᠢ ᠪᠠᠲᠤᠯᠠᠬᠤ ᠬᠡᠷᠡᠭᠲᠡᠢ︔ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯ ᠬᠢᠵᠦ ᠦᠢᠯᠡᠰ ᠪᠣᠰᠬᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ︔ᠢᠯᠵᠢᠷᠡᠯ ᠢ ᠡᠷᠡᠰ ᠭᠤᠶᠢᠪᠢᠰᠢ ᠦᠭᠡᠢ ᠪᠠᠷ ᠵᠠᠯᠬᠠᠭᠠᠨ ᠰᠢᠳᠭᠡᠵᠦ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠢᠳᠡᠪᠬᠢᠲᠡᠢ ᠬᠠᠳᠠᠭᠠᠯᠠᠬᠤ ᠬᠡᠷᠡᠭᠲᠡᠢ︔ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠦᠷᠭᠦᠯᠵᠢᠯᠡᠨ ᠴᠢᠩᠭᠠᠳᠬᠠᠵᠤ᠂ ᠤᠯᠠᠨ ᠲᠦᠮᠡᠨ ᠤ ᠪᠠᠴᠢᠮ ᠬᠦᠴᠢᠷ ᠵᠣᠪᠠᠭᠤᠷᠢ ᠶᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠬᠦ ᠬᠡᠷᠡᠭᠲᠡᠢ︔ᠬᠦᠴᠦ ᠪᠠᠨ ᠲᠥᠪᠯᠡᠷᠡᠭᠦᠯᠦᠨ ᠵᠢᠷᠤᠮᠵᠢᠭᠤᠯᠤᠨ ᠪᠦᠲᠦᠭᠡᠨ ᠪᠠᠶᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠦᠷ  ᠴᠡᠷᠢᠭ ᠢ ᠳᠠᠪᠲᠠᠨ ᠪᠣᠯᠪᠠᠰᠤᠷᠠᠭᠤᠯᠬᠤ ᠬᠡᠷᠡᠭᠲᠡᠢ ᠭᠡᠪᠡ᠃      ᠶᠠᠩ ᠰᠢᠩ ᠱᠧᠩ ᠴᠢᠬᠤᠯᠠᠴᠢᠯᠠᠭᠰᠠᠨ ᠨᠢ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠡᠬᠢᠯᠡᠯᠲᠡ ᠶᠢᠨ ᠵᠢᠯ ᠮᠥᠨ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠵᠠᠩᠭᠢᠯᠠᠭ᠎ᠠ ᠶᠢᠨ ᠵᠢᠯ ᠮᠥᠨ᠂ ᠪᠠᠰᠠᠴᠤ︽ᠬᠦᠴᠦᠷᠬᠡᠭ ᠣᠷᠣᠨ ᠤ ᠲᠥᠪ︾ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ᠂︽ᠵᠢᠷᠭᠤᠭᠠᠨ ᠰᠢᠨ᠎ᠡ ᠦᠴᠦᠸᠠᠨ︾ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠴᠢᠬᠤᠯᠠ ᠨᠢᠭᠡ ᠵᠢᠯ ᠮᠥᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ᠂ ᠡᠭᠦᠷᠭᠡ ᠥᠩᠭᠡ ᠭᠡᠷᠡᠯᠲᠡᠢ ᠶᠤᠮ᠃ᠪᠦᠬᠦ ᠰᠢᠶᠠᠨ ᠤ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠷ ᠭᠤᠣᠯ ᠰᠢᠵᠢᠮ ᠪᠣᠯᠭᠠᠵᠤ᠂ ︽ᠬᠤᠶᠠᠷ ᠢ ᠲᠣᠭᠲᠠᠭᠠᠭᠰᠠᠨ︾  ᠤ ᠰᠢᠢᠳᠪᠦᠷᠢᠯᠡᠭᠴᠢ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠵᠤ᠂ ᠨᠡᠩ ᠤᠬᠠᠮᠰᠠᠷ ᠠᠴᠠ ᠪᠠᠨ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ︽ᠭᠤᠷᠪᠠᠨ ᠡᠷᠬᠡᠪᠰᠢ︾ ᠶᠢ ᠴᠠᠭ ᠢᠮᠠᠭᠲᠠ ᠪᠠᠲᠤ ᠴᠡᠭᠡᠵᠢᠯᠡᠵᠦ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠭᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ᠂ ᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠪᠣᠯᠣᠨ ᠰᠢᠶᠠᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭᠠᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠪᠠᠷ ᠠᠬᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠪᠠᠷ ᠠᠬᠢᠭᠤᠯᠵᠤ᠂ ᠪᠦᠬᠦ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠡᠷᠡᠰ ᠭᠤᠶᠢᠪᠢᠰᠢ ᠦᠭᠡᠢ ᠪᠠᠷ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠦᠴᠦᠸᠠᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃      ᠶᠠᠩ ᠰᠢᠩ ᠱᠧᠩ ᠴᠢᠬᠤᠯᠠᠴᠢᠯᠠᠭᠰᠠᠨ ᠨᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠣᠯᠣᠨ ᠬᠢᠨᠠᠨ ᠪᠠᠶᠢᠴᠠᠭᠠᠬᠤ ᠵᠥᠪᠯᠡᠯ ᠪᠣᠯᠣᠨ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠪᠣᠯᠣᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠡᠶ᠎ᠡ ᠳᠡᠭᠡᠨ ᠢᠲᠡᠭᠡᠯ ᠲᠠᠢ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠭᠤᠣᠯᠴᠢ ᠪᠠᠷ ᠰᠢᠨ᠎ᠡ ᠶᠢ ᠡᠭᠦᠳᠴᠦ᠂ ᠡᠷᠡᠯᠬᠡᠭᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠴᠤᠴᠠᠯᠲᠠ ᠦᠭᠡᠢ ᠲᠡᠮᠡᠴᠡᠬᠦ ᠣᠪᠣᠷ ᠪᠠᠶᠢᠳᠠᠯ᠂ ᠡᠭᠦᠷᠢᠳᠡ ᠬᠤᠶᠢᠷᠭᠤᠰᠢᠬᠤ ᠦᠭᠡᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠢᠨ᠎ᠡ ᠴᠠᠭ ᠦᠶ᠎ᠡ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠭᠦᠨᠵᠡᠭᠡᠶᠢᠷᠡᠨ ᠬᠥᠭᠵᠢᠬᠦ ᠶᠢ ᠡᠷᠡᠰ ᠭᠤᠶᠢᠪᠢᠰᠢ ᠦᠭᠡᠢ ᠪᠠᠷ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠦᠴᠦᠸᠠᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠰᠢᠨ᠎ᠡ ᠪᠥᠭᠡᠳ ᠨᠡᠩ ᠶᠡᠭᠡ ᠬᠤᠪᠢ ᠨᠡᠮᠡᠷᠢ ᠦᠵᠡᠭᠦᠯᠦᠶ᠎ᠡ ᠭᠡᠪᠡ︕
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号