ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/2/7
ᠪᠣᠣ ᠭᠠᠩ ᠡᠷᠬᠢᠯᠡᠪᠡ      ︵ᠰᠤᠷᠪᠤᠯᠵᠢᠯᠠᠭᠴᠢ ᠶᠦᠨ ᠵᠢᠩ︶ 2 ᠳ᠋ᠤᠭᠠᠷ ᠰᠠᠷ᠎ᠠ ᠶᠢᠨ 3 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠶᠢᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠦᠬᠦ ᠤᠯᠤᠰ ᠤᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠠᠨ ᠤ ᠬᠤᠲᠠ ᠶᠢᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠶᠢᠨ ᠭᠠᠷᠳᠠᠬᠤ ᠴᠡᠭ ᠢ ᠣᠨᠣᠪᠴᠢᠲᠠᠶ ᠣᠯᠵᠤ᠂ ︽ᠵᠢᠷᠭᠤᠭᠠᠨ ᠲᠣᠮᠣ ᠠᠵᠤ ᠦᠢᠯᠡᠰ ᠤᠨ ᠪᠥᠭᠡᠮᠨᠡᠷᠡᠯ︾ ᠢ ᠪᠣᠶᠢᠵᠢᠭᠤᠯᠤᠨ ᠪᠤᠵᠠᠭᠠᠶᠢᠷᠠᠭᠤᠯᠵᠤ᠂ ᠪᠥᠬᠦ ᠣᠷᠣᠨ ᠤ ᠴᠢᠳᠠᠪᠤᠷᠢᠲᠠᠨ ᠤ ᠲᠥᠪ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠢ ᠬᠦᠴᠦᠯᠡᠨ ᠪᠣᠶ ᠪᠣᠯᠭᠠᠵᠤ᠂ ᠳᠣᠲᠣᠭᠠᠳᠤ ᠭᠠᠳᠠᠭᠠᠳᠤ ᠶᠢᠨ ᠨᠡᠭᠡᠭᠡᠯᠲᠡ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢ ᠲᠦᠷᠭᠡᠨ ᠪᠦᠲᠦᠭᠡᠨ ᠪᠠᠶᠢᠭᠤᠯᠬᠤ ᠬᠡᠷᠡᠭᠲᠡᠢ᠃ ᠪᠦᠬᠦ ᠤᠯᠤᠰ ᠤᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠤᠨ ᠲᠤᠭᠤᠰᠢᠯᠠᠭᠤᠯᠬᠤ ᠡᠨᠡᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠵᠤ᠂ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠪᠦᠬᠦ ᠲᠠᠯ᠎ᠠ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠬᠤᠳᠠ ᠶᠢᠨ ᠰᠣᠶᠣᠯ ᠤᠨ ᠡᠨᠧᠷᠭᠢ ᠶᠢᠨ ᠲᠡᠰ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠦᠬᠦ ᠤᠯᠤᠰ ᠤᠨ ᠪᠣᠯᠪᠠᠰᠤᠨ ᠬᠤᠳᠠ ᠶᠢ ᠪᠦᠬᠦ ᠬᠦᠴᠦᠨ ᠢᠶᠠᠷ ᠢᠶᠠᠨ ᠴᠢᠷᠮᠠᠶᠢᠨ ᠡᠭᠦᠳᠦᠨ ᠪᠠᠶᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡᠳᠦᠭᠡᠷ ᠤᠯᠠᠷᠢᠯ ᠪᠣᠯ ᠪᠦᠬᠦ ᠵᠢᠯ ᠤᠨ ᠠᠵᠤ ᠠᠬᠤᠢ ᠶᠢᠨ ᠰᠠᠯᠬᠢᠨ ᠤ ᠵᠦᠭᠯᠡᠭᠦᠷ ᠪᠣᠯᠣᠨ᠎ᠠ᠂ ᠪᠦᠬᠦ ᠬᠤᠲᠠ ᠪᠠᠷ ᠢᠶᠠᠨ ᠳᠠᠷᠤᠢ ᠲᠦᠷᠭᠡᠨ ᠬᠥᠳᠡᠯᠦᠯᠴᠡᠵᠦ᠂ ᠪᠡᠯᠡ ᠣᠷᠣᠭᠤᠯᠤᠯᠲᠠ᠂ ᠲᠥᠷᠥᠯ ᠵᠦᠢᠯ ᠤᠨ ︽ᠬᠤᠣᠰ ᠮᠢᠩᠭᠠᠨ︾ ᠤ ᠬᠠᠷᠠᠯᠲᠠ ᠶᠢ ᠴᠢᠩᠭ᠎ᠠ ᠠᠩᠬᠠᠷᠴᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ᠂ ᠬᠦᠴᠦᠨ ᠵᠦᠢᠯ ᠢ ᠪᠠᠲᠤᠯᠠᠬᠤ᠂ ᠵᠣᠬᠢᠴᠠᠭᠤᠯᠤᠨ ᠲᠣᠬᠢᠷᠠᠭᠤᠯᠬᠤ ᠵᠡᠷᠭᠡ ᠠᠵᠢᠯ ᠢ ᠱᠠᠯᠠᠪᠳᠠᠨ ᠰᠠᠶᠢᠲᠤᠷ ᠬᠢᠵᠦ᠂ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠳᠤ ᠣᠷᠣᠰᠢᠵᠤ ᠪᠠᠶᠢᠭ᠎ᠠ ᠠᠰᠠᠭᠤᠳᠠᠯ ᠢ ᠵᠠᠬ᠎ᠠ ᠳᠠᠷᠠᠭᠠᠯᠠᠨ ᠰᠢᠢᠳᠪᠦᠷᠢᠯᠡᠵᠦ᠂ ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠰᠤᠷᠭᠠᠨ ᠬᠥᠮᠦᠵᠢᠯ᠂ ᠡᠮᠴᠢᠯᠡᠭᠡ᠂ ᠠᠵᠢᠯ ᠣᠯᠭᠤᠯᠲᠠ ᠵᠡᠷᠭᠡ ᠬᠦᠷᠢᠶᠡᠨ ᠳᠠᠬᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠡᠷᠲᠡᠬᠡᠨ ᠡᠬᠢᠯᠡᠭᠦᠯᠦᠨ ᠠᠵᠢᠯ ᠢᠶᠠᠨ ᠰᠡᠷᠭᠦᠭᠡᠬᠦ ᠶᠢ ᠲᠦᠯᠬᠢᠨ ᠠᠬᠢᠭᠤᠯᠵᠤ ᠂ ᠨᠢᠭᠡᠳᠦᠭᠡᠷ ᠤᠯᠠᠷᠢᠯ ᠳᠤ ︽ᠰᠠᠶᠢᠨ ᠡᠬᠢᠯᠡᠯᠲᠡ ᠲᠠᠢ ᠪᠣᠯᠬᠤ︾ ᠶᠢ ᠦᠨᠡᠨ ᠬᠦ ᠪᠠᠲᠤᠯᠠᠵᠤ᠂ ᠪᠥᠬᠦ ᠵᠢᠯ ᠤᠨ ᠠᠵᠢᠯ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃ ︽ᠨᠣᠮᠤ ᠪᠠᠨ ᠲᠤᠯᠲᠠᠯ᠎ᠠ ᠲᠡᠯᠡᠬᠦ︾ ︽ᠬᠥᠪᠴᠢ ᠪᠠᠨ ᠲᠤᠯᠲᠠᠯ᠎ᠠ ᠲᠠᠲᠠᠬᠤ︾ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠬᠤᠷᠳᠤᠴᠠ ᠶᠢ ᠲᠦᠷᠭᠡᠳᠬᠡᠵᠦ᠂ ᠠᠬᠢᠴᠠ ᠶᠢ ᠠᠮᠵᠢᠭᠤᠯᠵᠤ᠂ ᠲᠦᠷᠦᠯ ᠵᠦᠢᠯ ᠤᠨ ᠨᠥᠭᠡᠴᠡᠯᠡᠯ᠂ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠠᠵᠤ ᠠᠬᠤᠢ ᠶᠢᠨ ᠬᠥᠭᠵᠢᠯᠲᠡ ᠶᠢᠨ ᠨᠡᠮᠡᠭᠳᠡᠯ ᠤᠨ ᠬᠤᠷᠳᠤᠴᠠ ᠶᠢ ᠲᠦᠷᠭᠡᠳᠬᠡᠨ ᠤᠷᠤᠭᠰᠢ ᠳᠠᠪᠰᠢᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠷᠭᠡᠨ ᠪᠡᠶᠡᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号