2022 ᠣᠨ ᠳᠤ ᠮᠠᠨ ᠤ ᠬᠤᠲᠠ ᠶᠢᠨ ᠠᠷᠠᠳ ᠤᠨ ᠠᠮᠢᠳᠤᠷᠠᠯ ᠤᠨ ᠵᠠᠷᠤᠯᠭ᠎ᠠ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ ᠨᠠᠢᠮᠠᠨ ᠬᠤᠪᠢ ᠶᠢ ᠳᠠᠪᠠᠪᠠ
ᠨᠡᠶᠢᠲᠡᠯᠡᠭᠰᠡᠨ ᠴᠠᠭ᠄
2023/2/7
     ︵ᠰᠤᠷᠪᠤᠯᠵᠢᠯᠠᠭᠴᠢ ᠰᠥᠩ ᠰᠢᠶᠠᠩ ᠬᠤᠸᠠ︶ ᠣᠶᠢᠷ᠎ᠠ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 2022 ᠣᠨ ᠳᠤ ᠮᠠᠨ ᠤ ᠬᠤᠲᠠ ᠶᠢᠨ ᠠᠷᠠᠳ ᠤᠨ ᠠᠮᠢᠳᠤᠷᠠᠯ ᠤᠨ ᠵᠠᠷᠤᠯᠭ᠎ᠠ 338.81 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 80.51% ᠶᠢ ᠡᠵᠡᠯᠡᠪᠡ᠃      ᠨᠢᠭᠡ ᠵᠢᠯ ᠤᠨ ᠲᠤᠷᠰᠢ᠂ ᠠᠷᠠᠳ ᠲᠤ ᠠᠰᠢᠭ ᠬᠦᠷᠲᠡᠭᠡᠵᠦ ᠪᠤᠶᠠᠨ ᠵᠢᠷᠭᠠᠯ ᠢ ᠨᠡᠮᠡᠭᠳᠡᠭᠦᠯᠬᠦ ᠲᠠᠯ᠎ᠠ ᠪᠠᠷ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠪᠥᠬᠦ ᠬᠤᠲᠠ ᠶᠢᠨ ᠰᠤᠷᠭᠠᠨ ᠬᠥᠮᠦᠵᠢᠯ ᠤᠨ ᠵᠠᠷᠤᠯᠭ᠎ᠠ ᠠᠳᠠᠯᠢ ᠬᠤᠭᠤᠴᠠᠭᠠᠨ ᠤ ᠬᠢ ᠠᠴᠠ 15.87% ᠪᠠᠷ ᠨᠡᠮᠡᠭᠳᠡᠪᠡ︔ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢ ᠴᠢᠩᠭᠠᠳᠬᠠᠵᠤ᠂ ᠠᠵᠢᠯ ᠣᠯᠭᠤᠯᠲᠠ ᠳᠤ ᠵᠠᠷᠤᠴᠠᠭᠤᠯᠤᠭᠰᠠᠨ ᠨᠥᠬᠦᠪᠦᠷᠢ ᠪᠡᠯᠡ ᠮᠥᠩᠭᠦ ᠠᠳᠠᠯᠢ ᠬᠤᠭᠤᠴᠠᠭᠠᠨ ᠤ   ᠬᠢ ᠠᠴᠠ 62% ᠢᠶᠠᠷ ᠨᠡᠮᠡᠭᠳᠡᠪᠡ︔ ᠠᠵᠢᠯ ᠤᠨ ᠪᠠᠶᠢᠷᠢ ᠶᠢ  ᠲᠤᠭᠲᠠᠪᠤᠷᠢᠵᠢᠭᠤᠯᠬᠤ ᠪᠠᠷ ᠪᠤᠴᠠᠭᠠᠬᠤ ᠪᠡᠯᠡ ᠮᠥᠩᠭᠦ ᠶᠢ 1.29 ᠳ᠋ᠦᠩᠰᠢᠭᠤᠷ ᠲᠥᠭᠦᠷᠢᠭ ᠪᠠᠭᠤᠯᠭᠠᠵᠤ᠂ 29.25 ᠲᠦᠮᠡᠨ ᠠᠵᠢᠯᠲᠠᠨ ᠠᠵᠢᠯᠴᠢᠨ ᠠᠰᠢᠭ ᠬᠦᠷᠲᠡᠪᠡ︔ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠳᠡᠮᠵᠢᠵᠦ᠂ ᠪᠥᠬᠦ ᠬᠤᠲᠠ ᠶᠢᠨ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠳᠤ 58.37 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠠᠳᠠᠯᠢ ᠬᠤᠭᠤᠴᠠᠭᠠᠨ ᠤ ᠬᠢ ᠠᠴᠠ 19.77% ᠪᠠᠷ ᠨᠡᠮᠡᠭᠳᠡᠨ᠂ ᠠᠵᠢᠯ ᠠᠯᠳᠠᠯᠲᠠ ᠶᠢᠨ ᠳᠠᠭᠠᠳᠬᠠᠯ ᠤᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠨᠡᠶᠢᠲᠡ 1.56 ᠲᠦᠮᠡᠨ ᠠᠵᠢᠯ ᠠᠯᠳᠠᠭᠰᠠᠳ ᠲᠤ 0.7 ᠳ᠋ᠦᠩᠰᠢᠭᠤᠷ ᠲᠥᠭᠦᠷᠢᠭ ᠤᠨ ᠠᠵᠢᠯ ᠠᠯᠳᠠᠯᠲᠠ ᠶᠢᠨ ᠮᠥᠩᠭᠦ ᠣᠯᠭᠤᠪᠠ︔ 7.71 ᠳ᠋ᠦᠩᠰᠢᠭᠤᠷ ᠲᠥᠭᠦᠷᠢᠭ ᠤᠨ ᠨᠥᠬᠦᠪᠦᠷᠢ ᠶᠢᠨ ᠪᠡᠯᠡ ᠮᠥᠩᠭᠦ ᠭᠠᠷᠭᠠᠨ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠵᠤ ᠂ ᠬᠦᠴᠢᠷᠳᠡᠯᠲᠡᠢ ᠤᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ︔ ᠡᠷᠡᠭᠦᠯ ᠡᠩᠬᠡ ᠬᠥᠬᠡᠬᠤᠲᠠ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠪᠥᠬᠦ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ ᠠᠳᠠᠯᠢ ᠬᠤᠭᠤᠴᠠᠭᠠᠨ ᠤ ᠬᠢ ᠠᠴᠠ 47.74% ᠨᠡᠮᠡᠭᠳᠡᠵᠦ᠂ ᠤᠯᠤᠰ ᠤᠨ ᠠᠯᠪᠠᠨ  ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠬᠢᠭᠡᠳ ᠴᠢᠨᠠᠷ ᠰᠠᠶᠢᠲᠠᠢ ᠬᠥᠭᠵᠢᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠳᠤ ᠠᠮᠵᠢᠯᠲᠠ ᠲᠠᠢ ᠪᠠᠷ ᠰᠣᠩᠭᠤᠭᠳᠠᠨ ᠣᠷᠣᠵᠤ᠂ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠪᠠᠶᠢᠭᠤᠯᠬᠤ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡ ᠰᠤᠪᠢᠯᠠᠯᠲᠠ ᠶᠢᠨ ᠲᠥᠪ ᠤᠨ ᠲᠥᠷᠥᠯ ᠵᠦᠢᠯ ᠤᠨ ᠭᠤᠣᠯ ᠴᠣᠭᠴᠠ ᠶᠢᠨ ᠠᠵᠢᠯ ᠳᠠᠭᠤᠰᠬᠤ ᠶᠢ ᠳᠡᠮᠵᠢᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠨᠡᠮᠡᠭᠳᠡᠭᠦᠯᠦᠨ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠪᠡ︔ ᠵᠠᠷᠤᠳᠠᠯ ᠢ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠥᠬᠦ ᠬᠦᠴᠦᠨ ᠢᠶᠠᠷ ᠢᠶᠠᠨ ᠳᠡᠮᠵᠢᠪᠡ︔ ᠪᠦᠬᠦ ᠬᠤᠳᠠ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 10.72 ᠳ᠋ᠦᠩᠰᠢᠭᠤᠷ ᠲᠥᠭᠦᠷᠢᠭ ᠬᠦᠷᠴᠦ᠂ ᠬᠠᠭᠤᠴᠢᠨ ᠬᠤᠷᠢᠶᠠᠯᠠᠯ ᠢ ᠰᠢᠨᠡᠳᠬᠡᠨ ᠵᠠᠰᠠᠬᠤ᠂ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ᠂ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠡᠮᠵᠢᠵᠤ᠂ ᠤᠯᠠᠨ ᠲᠦᠮᠡᠨ ᠤ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠪᠠ ︔ ︽ᠠᠰᠠᠷ ᠢ ᠪᠠᠶᠢᠭᠤᠯᠵᠤ ᠳᠠᠭᠤᠰᠬᠠᠨ ᠲᠤᠰᠢᠶᠠᠬᠤ ᠶᠢ ᠪᠠᠲᠤᠯᠠᠵᠤ᠂ ᠠᠷᠠᠳ ᠤᠨ ᠠᠮᠢᠳᠤᠷᠠᠯ ᠢ ᠲᠣᠭᠲᠠᠭᠤᠨ ᠪᠠᠶᠢᠯᠭᠠᠬᠤ︾ ᠶᠢ ᠲᠦᠯᠬᠢᠨ ᠠᠬᠢᠭᠤᠯᠵᠤ᠂ ᠨᠡᠶᠢᠭᠡᠮ ᠤᠨ ᠵᠢᠱᠢᠯᠲᠡ ᠶᠢ ᠲᠣᠭᠲᠠᠪᠤᠷᠢᠵᠢᠭᠤᠯᠤᠨ᠂ ᠲᠤᠰᠬᠠᠢ ᠪᠡᠯᠡ ᠮᠥᠩᠭᠦ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠪᠡ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号