2023 ᠣᠨ ᠤ ᠪᠥᠬᠦ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠵᠢᠴᠢ ︽ᠬᠠᠶᠠᠭᠳᠠᠮᠠᠯ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/9
     ︵ᠰᠤᠷᠪᠤᠯᠵᠢᠯᠠᠭᠴᠢ ᠠᠷᠢᠭᠤᠨ᠎ᠠ︶ 2 ᠳ᠋ᠤᠭᠠᠷ ᠰᠠᠷ᠎ᠠ ᠶᠢᠨ 8 ᠤ ᠡᠳᠦᠷ᠂ 2023 ᠣᠨ ᠤ ᠪᠦᠬᠦ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠵᠢᠴᠢ ︽ᠬᠠᠶᠠᠭᠳᠠᠮᠠᠯ ᠦᠭᠡᠢ ᠬᠤᠳᠠ ︾ ᠶᠢᠨ ᠪᠦᠲᠦᠭᠡᠨ ᠪᠠᠶᠢᠭᠤᠯᠤᠯᠲᠠ ᠶᠢᠨ ᠳᠠᠶᠢᠴᠢᠯᠠᠯᠲᠠ ᠶᠢᠨ ᠬᠤᠷᠠᠯ ᠬᠤᠷᠠᠯᠳᠤᠵᠤ᠂ 2022 ᠣᠨ ᠤ ᠪᠦᠬᠦ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠳ᠋ᠦᠩᠨᠡᠵᠦ᠂ 2023 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠾᠧ ᠬᠠᠢ ᠳ᠋ᠦᠩ ᠴᠢᠬᠤᠯᠠᠴᠢᠯᠠᠭᠰᠠᠨ ᠨᠢ᠂ ᠪᠦᠬᠦ ᠬᠤᠳᠠ ᠪᠠᠷ ᠢᠶᠠᠨ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨᠬᠦ ᠪᠠᠲᠤᠳᠬᠠᠬᠤ ᠬᠡᠷᠡᠭᠲᠡᠢ︔ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠣᠨᠣᠪᠴᠢᠲᠠᠢ ᠣᠶᠢᠯᠠᠭᠠᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ᠂ ᠦᠩᠭᠡᠨ ᠲᠠᠯ᠎ᠠ ᠶᠢ ᠨᠢ ᠴᠡᠭᠴᠡᠯᠡᠨ ᠰᠠᠶᠢᠵᠢᠷᠠᠭᠤᠯᠬᠤ᠂ ᠬᠠᠰᠢ ᠶᠠᠰᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ︔ ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠢᠯᠴᠢ ᠶᠢ ᠬᠥᠬᠡᠬᠤᠲᠠ ᠳᠤ ᠣᠷᠣᠭᠤᠯᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠤᠣᠯᠳᠠᠯᠭ᠎ᠠ ᠲᠠᠢ ᠠᠵᠢᠯ ᠪᠣᠯᠭᠠᠨ ᠥᠷᠨᠢᠭᠦᠯᠬᠦ ᠬᠡᠷᠡᠭᠲᠡᠢ︔ ᠤᠰᠤᠨ ᠤ ᠣᠷᠴᠢᠨ ᠲᠣᠭᠤᠷᠢᠨ ᠤ ᠵᠠᠰᠠᠯᠲᠠ ᠶᠢ ᠰᠠᠶᠢᠲᠤᠷ ᠠᠳᠬᠤᠵᠤ᠂ ᠤᠰᠤ ᠬᠠᠩᠭᠠᠬᠤ᠂ ᠤᠰᠤ ᠵᠠᠰᠠᠬᠤ᠂ ᠤᠰᠤ ᠴᠡᠪᠡᠷᠰᠢᠭᠦᠯᠬᠦ ᠲᠠᠯ᠎ᠠ ᠶᠢᠨ ᠠᠵᠢᠯ ᠤᠨ ᠡᠷᠴᠢᠮ ᠢ ᠴᠢᠩᠭᠠᠳᠬᠠᠬᠤ ᠬᠡᠷᠡᠭᠲᠡᠢ︔ ︽ᠬᠠᠶᠠᠭᠳᠠᠮᠠᠯ ᠦᠭᠡᠢ ᠬᠤᠳᠠ︾ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠲᠠᠷᠢᠶᠠᠯᠠᠩ ᠬᠥᠳᠡᠭᠡ ᠲᠣᠰᠬᠤᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠮᠢᠳᠤᠷᠠᠯ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠰᠠᠶᠢᠲᠤᠷ ᠠᠩᠬᠠᠷᠴᠤ᠂ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠬᠠᠮᠲᠤ ᠤᠬᠠᠭᠤᠯᠵᠤ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠬᠦ ᠬᠡᠷᠡᠭᠲᠡᠢ ︔ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠡᠨᠡ ᠵᠢᠯ ᠤᠨ ᠡᠯ᠎ᠡ ᠵᠦᠢᠯ ᠤᠨ ᠠᠵᠢᠯ ᠢᠶᠠᠨ ᠦᠨᠡᠨᠬᠦ ᠰᠠᠶᠢᠲᠤᠷ ᠬᠢᠬᠦ ᠬᠡᠷᠡᠭᠲᠡᠢ ᠭᠡᠵᠡᠢ᠃      ᠬᠤᠷᠠᠯ ᠳᠡᠭᠡᠷ᠎ᠡ᠂ ᠬᠤᠲᠠ ᠶᠢᠨ ᠳᠡᠳ᠋ ᠳᠠᠷᠤᠭ᠎ᠠ ᠮᠠ ᠪᠢᠩ ᠴᠢᠤᠸᠠᠨ 2022 ᠣᠨ ᠤ ᠪᠥᠬᠦ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠬᠢᠭᠰᠡᠨ ᠪᠥᠭᠡᠳ 2023 ᠣᠨ ᠤ ᠭᠤᠣᠯᠳᠠᠯᠭ᠎ᠠ ᠲᠠᠢ ᠠᠵᠢᠯ ᠵᠢᠴᠢ ︽ᠬᠠᠶᠠᠭᠳᠠᠮᠠᠯ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠬᠤᠲᠠ ᠶᠢᠨ ᠳᠡᠳ᠋ ᠳᠠᠷᠤᠭ᠎ᠠ ᠯᠢ ᠰᠢᠶᠣᠣ ᠶᠠᠨ ᠬᠤᠷᠠᠯ ᠢ ᠡᠷᠭᠢᠯᠡᠪᠡ᠃      ᠮᠠᠨ ᠤ ᠬᠤᠳᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号