ᠦᠴᠦᠸᠠᠨ ᠰᠢᠶᠠᠨ ︽ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ︾ ᠶᠢ | ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠠᠬᠢᠭᠤᠯᠬᠤ ᠶᠢᠨ ᠲᠥᠯᠥᠭᠡ᠂ ᠦᠴᠦᠸᠠᠨ ᠰᠢᠶᠠᠨ ᠤ ᠢᠳᠡᠭᠡᠨ ᠪᠠ | ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ 2 ᠰᠠᠷ᠎ᠠ ᠶᠢᠨ 2 ᠤᠨ ᠡᠳᠦᠷ ᠤᠨ ᠦᠳᠡ ᠶᠢᠨ ᠬᠤᠶᠢᠨ᠎ᠠ ︽ | ᠦᠴᠦᠸᠠᠨ ᠰᠢᠶᠠᠨ ᠤ ᠢᠳᠡᠭᠡᠨ ᠤ ᠵᠦᠢᠯ ᠤᠨ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ | ᠪᠠᠶᠢᠭᠤᠯᠬᠤ ᠠᠵᠢᠯ ᠢ ᠲᠦᠯᠬᠢᠨ ᠠᠬᠢᠭᠤᠯᠬᠤ ᠬᠤᠷᠠᠯ︾ ᠢ ᠬᠤᠷᠠᠯᠳᠤᠭᠤᠯᠵᠤ᠂ ᠵᠠᠰᠠᠭ ᠤᠨ ᠣᠷᠳᠣᠨ ᠤ ᠰᠢᠶᠠᠨ ᠤ | ᠳᠡᠳ᠋ ᠳᠠᠷᠤᠭ᠎ᠠ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠪᠠᠶᠢᠩᠭᠤ ᠶᠢᠨ ᠳᠡᠳ᠋ | ᠡᠷᠬᠢᠯᠡᠭᠴᠢ ᠼᠦᠢ ᠵᠧᠨ ᠬᠤᠸᠠ ᠬᠤᠷᠠᠯ ᠡᠷᠭᠢᠯᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠲᠠᠷᠢᠶᠠᠯᠠᠩ | ᠮᠠᠯ ᠠᠵᠤ ᠠᠬᠤᠢ᠂ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠥᠴᠢᠷ ᠣᠷᠣᠯᠴᠠᠵᠠᠢ᠃ | ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠵᠠᠬ᠎ᠠ ᠳᠡᠯᠭᠡᠭᠦᠷ᠂ ᠲᠠᠷᠢᠶᠠᠯᠠᠩ ᠮᠠᠯ ᠠᠵᠤ ᠠᠬᠤᠢ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ | ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠠᠯᠠᠭ᠎ᠠ | ᠮᠥᠴᠢᠷ ᠤᠨ ᠨᠢᠭᠡᠳᠦᠭᠡᠷ ᠬᠠᠷᠢᠭᠤᠴᠠᠯᠭᠠᠲᠠᠨ ᠪᠡᠶ᠎ᠡ ᠪᠠᠷ ᠢᠶᠠᠨ ᠠᠳᠬᠤᠵᠤ᠂ ᠡᠯ᠎ᠡ ᠬᠤᠪᠢᠳᠠᠨ ᠬᠠᠮᠢᠶᠠᠷᠴᠤ ᠪᠦᠬᠦᠢ | ᠤᠳᠤᠷᠢᠳᠤᠯᠭ᠎ᠠ ᠪᠣᠳᠠᠲᠠᠢ ᠠᠳᠬᠤᠵᠤ᠂ ᠠᠵᠢᠯ ᠤᠨ ᠴᠢᠨᠠᠷ ᠰᠠᠶᠢᠲᠠᠢ ᠨᠠᠶᠢᠳᠠᠪᠤᠷᠢᠵᠢᠭᠤᠯᠤᠯᠲᠠ ᠶᠢ ᠦᠨᠡᠨ ᠬᠦ | ᠪᠠᠲᠤᠯᠠᠬᠤ ᠬᠡᠷᠡᠭᠲᠡᠢ︔ᠬᠤᠶᠠᠷ ᠲᠤ᠂ ᠬᠤᠲᠠ ᠪᠠᠶᠢᠭᠤᠯᠬᠤ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠢᠳᠡᠭᠡᠨ ᠤ ᠦᠢᠯᠡᠳᠪᠦᠷᠢᠯᠡᠯ ᠡᠵᠡᠩᠨᠡᠯᠲᠡ ᠪᠠ ᠢᠳᠡᠭᠡᠨ ᠤᠮᠳᠠᠭᠠᠨ ᠤ ᠳᠡᠯᠭᠡᠭᠦᠷ᠂ ᠠᠯᠠᠵᠤ ᠨᠢᠲᠤᠯᠬᠤ ᠠᠵᠤ | ᠠᠬᠤᠶᠢᠯᠠᠯ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠳᠡᠯᠭᠡᠭᠦᠷ᠂ ᠬᠠᠷᠠᠭᠤᠯ ᠤᠨ | ᠭᠠᠵᠠᠷ ᠤᠨ ᠡᠮᠨᠡᠯᠭᠡ ᠶᠢᠨ ᠬᠤᠷᠢᠶ᠎ᠠ ᠵᠡᠷᠭᠡ ᠴᠡᠭ ᠲᠤ ᠪᠠᠷᠢᠮᠵᠢᠶ᠎ᠠ ᠶᠢ ᠬᠠᠷᠭᠤᠭᠤᠯᠤᠨ ᠪᠠᠶᠢᠴᠠᠭᠠᠵᠤ᠂ ᠴᠡᠭ ᠤᠨ | ᠪᠠᠶᠢᠭᠤᠯᠤᠯᠲᠠ ᠶᠢᠨ ᠠᠵᠢᠯ ᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ︔ᠭᠤᠷᠪᠠ ᠳᠤ᠂ | ᠲᠤᠬᠠᠢ ᠶᠢᠨ ᠲᠠᠯᠠᠪᠤᠷ ᠤᠨ ᠵᠢᠯᠣᠭᠤᠳᠤᠯᠭ᠎ᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠨᠢᠭᠡᠴᠡ ᠶᠢ ᠡᠷᠦᠭᠡ ᠳᠠᠷᠠᠭᠠᠯᠠᠨ | ᠵᠢᠭᠠᠨ ᠵᠢᠯᠤᠭᠤᠳᠴᠤ᠂ ᠡᠯ᠎ᠡ ᠵᠦᠢᠯ ᠤᠨ ᠡᠭᠦᠷᠭᠡ ᠶᠢᠨ ᠲᠡᠭᠦᠰ ᠠᠮᠵᠢᠯᠲᠠ ᠲᠠᠢ ᠪᠠᠷᠢᠮᠵᠢᠶ᠎ᠠ ᠳᠤ ᠬᠦᠷᠬᠦ ᠶᠢ ᠪᠠᠲᠤᠯᠠᠬᠤ | ᠬᠡᠷᠡᠭᠲᠡᠢ︔ᠳᠥᠷᠪᠡ ᠳᠤ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠵᠠᠭᠤᠴᠢᠯᠠᠭᠤᠷ ᠢ | ᠠᠰᠢᠭᠯᠠᠨ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢ ᠡᠭᠦᠳᠦᠨ ᠪᠠᠶᠢᠭᠤᠯᠵᠤ᠂ ᠣᠯᠠᠨ ᠲᠦᠮᠡᠨ ᠤ | ᠢᠳᠡᠭᠡᠨ ᠤ ᠠᠮᠤᠷ ᠲᠦᠪᠰᠢᠨ ᠤ ᠬᠠᠨᠤᠮᠵᠢ ᠶᠢᠨ ᠬᠡᠮᠵᠢᠶ᠎ᠡ ᠪᠠ ᠡᠭᠦᠳᠦᠨ ᠪᠠᠶᠢᠭᠤᠯᠬᠤ ᠶᠢ ᠣᠶᠢᠯᠠᠭᠠᠬᠤ ᠨᠣᠷᠮ᠎ᠠ ᠶᠢ | ᠳᠡᠭᠡᠭᠰᠢᠯᠡᠭᠦᠯᠬᠦ ᠬᠡᠷᠡᠭᠲᠡᠢ︔ᠲᠠᠪᠤ ᠳᠤ᠂ ᠬᠤᠲᠠ ᠪᠠᠶᠢᠭᠤᠯᠬᠤ ᠠᠵᠢᠯ ᠢ ᠥᠷᠨᠢᠭᠦᠯᠬᠦ ᠶᠢᠨ ᠵᠡᠷᠭᠡ ᠳᠤ ᠢᠳᠡᠭᠡᠨ ᠤ | ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ︽ᠭᠤᠷᠪᠠᠨ ᠳᠠᠪᠬᠤᠷᠭ᠎ᠠ ᠶᠢᠨ ᠺᠠᠳ᠋ᠷ ᠳᠥᠷᠪᠡᠨ ᠱᠠᠲᠤᠨ ᠤ ᠭᠤᠣᠯ ᠴᠣᠭᠴᠠ ᠶᠢ ᠳᠠᠭᠠᠭᠠᠴᠢᠯᠠᠬᠤ︾ | ᠱᠠᠭᠠᠷᠳᠠᠯᠭ᠎ᠠ ᠶᠣᠰᠣᠭᠠᠷ᠂ ︽ᠭᠤᠷᠪᠠᠨ ᠨᠠᠷᠢᠨ ᠲᠠᠩᠰᠠ ᠨᠢᠭᠡ ᠠᠮᠠᠯᠠᠯᠲᠠ︾ ᠶᠢ ᠪᠦᠲᠦᠮᠵᠢᠲᠡᠶ | ᠨᠠᠶᠢᠳᠠᠪᠤᠷᠢᠵᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠵᠤ᠂ ︽ᠳᠠᠭᠠᠳᠬᠠᠯ ᠢ | ᠳᠠᠭᠠᠭᠠᠴᠢᠯᠠᠬᠤ︾ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ | ᠭᠡᠪᠡ᠃ | ᠣᠳᠣᠬᠠᠨ ᠳᠤ᠂ ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠵᠡᠷᠭᠡ ᠰᠠᠯᠠᠭ᠎ᠠ ᠮᠥᠴᠢᠷ ᠶᠠᠭ ᠴᠡᠭ ᠪᠠᠶᠢᠷᠢ ᠶᠢ ᠵᠢᠷᠤᠮᠵᠢᠭᠤᠯᠤᠨ ᠳᠡᠭᠡᠭᠰᠢᠯᠡᠭᠦᠯᠬᠦ᠂ ᠬᠤᠳᠠᠯᠳᠤᠭᠠᠨ ᠤ ᠡᠷᠦᠬᠡ ᠶᠢᠨ | ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠪᠤᠯᠤᠩ ᠢ ᠲᠠᠷᠬᠠᠭᠠᠵᠤ ᠤᠭᠰᠠᠷᠠᠬᠤ ᠵᠡᠷᠭᠡ ᠠᠵᠢᠯ ᠢ ᠲᠦᠯᠬᠢᠨ ᠠᠬᠢᠭᠤᠯᠵᠤ | ᠪᠠᠶᠢᠨ᠎ᠠ᠂ ᠡᠭᠦᠨ ᠤ ᠵᠡᠷᠭᠡ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠲᠠᠷᠢᠶᠠᠯᠠᠩ ᠮᠠᠯ ᠠᠵᠤ ᠠᠬᠤᠢ᠂ | ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠥᠴᠢᠷ ᠬᠠᠮᠲᠤᠷᠠᠨ ᠬᠢᠨᠠᠨ ᠵᠢᠯᠤᠭᠤᠳᠴᠤ᠂ ᠬᠤᠳᠠᠯᠳᠤᠭᠠᠨ ᠤ ᠡᠷᠦᠬᠡ ᠶᠢᠨ | ᠢᠳᠡᠭᠡᠨ ᠤ ᠠᠮᠤᠷ ᠲᠦᠪᠰᠢᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃ | ᠲᠠᠷᠠᠭᠠᠴᠢ ᠶᠢᠨ ᠠᠯᠬᠤᠮ ᠤᠨ ᠠᠵᠢᠯ ᠤᠨ ᠳᠤᠮᠳᠠ᠂ ᠮᠠᠨ ᠤ ᠰᠢᠶᠠᠨ ᠬᠤᠲᠠ ᠪᠠᠶᠢᠭᠤᠯᠬᠤ ᠡᠯ᠎ᠡ ᠵᠦᠢᠯ ᠤᠨ | ᠠᠵᠢᠯ ᠤᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠣᠯᠵᠤ ᠮᠡᠳᠡᠭᠰᠡᠨ ᠠᠰᠠᠭᠤᠳᠠᠯ ᠢ ᠴᠠᠭ | ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ | ᠬᠤᠲᠠ ᠶᠢ ᠡᠭᠦᠳᠦᠨ ᠪᠠᠶᠢᠭᠤᠯᠬᠤ ᠠᠵᠢᠯ ᠢ ᠲᠣᠭᠲᠠᠭᠰᠠᠨ ᠬᠤᠭᠤᠴᠠᠭᠠᠨ ᠳᠤ ᠲᠡᠭᠦᠰ ᠠᠮᠵᠢᠯᠲᠠ ᠲᠠᠢ | ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ | |