︵ᠰᠤᠷᠪᠤᠯᠵᠢᠯᠠᠭᠴᠢ ᠯᠢᠦᠢ ᠬᠤᠶ ᠱᠧᠩ︶ ᠣᠶᠢᠷ᠎ᠠ ᠳᠤ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ | ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠠᠴᠠ ᠲᠦᠷᠦᠭᠦᠯᠡᠵᠦ᠂ ᠳᠤᠮᠳᠠᠳᠤ ᠤᠯᠤᠰ ᠤᠨ ᠤᠯᠠᠨ | ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠬᠥᠬᠡᠬᠤᠲᠠ ᠶᠢᠨ ᠵᠥᠪᠯᠡᠯ᠂ ᠬᠤᠳᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ | ᠬᠤᠳᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ | ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ | ᠂ ᠬᠤᠳᠠ ᠶᠢᠨ ᠬᠠᠤᠯᠢ ᠴᠠᠭᠠᠵᠠ ᠶᠢᠨ ᠲᠣᠪᠴᠢᠶ᠎ᠠ ᠵᠡᠷᠭᠡ 9 ᠨᠢᠭᠡᠴᠡ ᠶᠢᠨ ᠬᠠᠮᠲᠤᠷᠠᠨ ᠪᠠᠶᠢᠭᠤᠯᠤᠭᠰᠠᠨ | ᠬᠥᠬᠡᠬᠤᠲᠠ ᠶᠢᠨ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠭᠤᠷᠪᠠᠳᠠᠭᠢ ᠡᠲᠡᠭᠡᠳ ᠤᠨ ᠬᠢᠨᠠᠯᠲᠠ | ᠲᠠᠯᠪᠢᠵᠤ ᠦᠨᠡᠯᠡᠬᠦ ᠲᠣᠭᠲᠠᠴᠠ ᠶᠢᠨ ᠬᠠᠮᠢᠶᠠᠷᠤᠯᠲᠠ ᠶᠢᠨ ᠵᠥᠪᠯᠡᠯ ᠠᠩᠬᠠᠳᠤᠭᠠᠷ ᠤᠳᠠᠭ᠎ᠠ ᠶᠢᠨ ᠬᠠᠮᠲᠤᠷᠠᠭᠰᠠᠨ | ᠬᠤᠷᠠᠯ ᠬᠤᠷᠠᠯᠳᠤᠭᠤᠯᠪᠠ᠃ ᠬᠥᠬᠡᠬᠤᠲᠠ ᠣᠷᠣᠨ ᠤ ᠠᠩᠬᠠᠳᠠᠭᠴᠢ ᠬᠡᠷᠡᠭ ᠲᠤ ᠬᠤᠯᠪᠣᠭᠳᠠᠭᠰᠠᠨ ᠠᠵᠤ | ᠠᠬᠤᠶᠢᠯᠠᠯ ᠤᠨ ᠲᠣᠭᠲᠠᠭᠠᠯ ᠳᠤ ᠨᠡᠶᠢᠴᠡᠭᠦᠯᠬᠦ ᠬᠡᠷᠡᠭ ᠢ ᠭᠤᠷᠪᠠᠳᠠᠭᠢ ᠡᠲᠡᠭᠡᠳ ᠤᠨ ᠪᠣᠳᠠᠲᠠᠢ ᠵᠣᠬᠢᠶᠠᠨ ᠪᠠᠶᠢᠭᠤᠯᠤᠨ | ᠬᠢᠨᠠᠯᠲᠠ ᠲᠠᠯᠪᠢᠬᠤ᠂ ᠦᠨᠡᠯᠡᠨ ᠵᠢᠱᠢᠬᠦ᠂ ᠰᠢᠨᠵᠢᠯᠡᠨ ᠪᠠᠶᠢᠴᠠᠭᠠᠬᠤ ᠠᠵᠢᠯᠯᠠᠭᠠᠨ ᠤ ᠭᠤᠭᠴᠤᠭ᠎ᠠ ᠳᠤ ᠵᠢᠩᠬᠢᠨᠢ ᠪᠠᠷ | ᠣᠷᠣᠭᠤᠯᠬᠤ ᠪᠠᠷ ᠲᠣᠭᠲᠠᠭᠠᠪᠠ᠃ | ᠣᠶᠢᠯᠠᠭᠠᠭᠰᠠᠨ ᠢᠶᠠᠷ᠂ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠦᠯᠬᠦ | ᠭᠤᠷᠪᠠᠳᠠᠭᠢ ᠡᠲᠡᠭᠡᠳ ᠤᠨ ᠬᠢᠨᠠᠯᠲᠠ ᠲᠠᠯᠪᠢᠵᠤ ᠦᠨᠡᠯᠡᠨ ᠵᠢᠱᠢᠬᠦ ᠲᠣᠭᠲᠠᠴᠠ ᠶᠢᠨ ᠲᠣᠪᠴᠢ ᠨᠡᠷ᠎ᠡ ᠨᠢ ᠭᠤᠷᠪᠠᠳᠠᠭᠢ | ᠡᠲᠡᠭᠡᠳ ᠤᠨ ᠲᠣᠭᠲᠠᠴᠠ᠂ ᠪᠠᠶᠢᠴᠠᠭᠠᠬᠤ ᠪᠠᠶᠢᠭᠤᠯᠭ᠎ᠠ ᠠᠴᠠ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ | ᠶᠠᠯᠠᠲᠤ ᠬᠡᠷᠡᠭ ᠢ ᠰᠢᠢᠳᠪᠦᠷᠢᠯᠡᠬᠦ ᠳᠡᠭᠡᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠦᠯᠬᠦ ᠥᠭᠡᠷᠡᠴᠢᠯᠡᠯᠲᠡ ᠶᠢᠨ | ᠲᠣᠬᠢᠷᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠭᠤᠷᠪᠠᠳᠠᠭᠢ ᠡᠲᠡᠭᠡᠳ ᠤᠨ ᠲᠣᠭᠲᠠᠴᠠ ᠶᠢᠨ ᠬᠠᠮᠢᠶᠠᠷᠤᠯᠲᠠ ᠶᠢᠨ | ᠵᠥᠪᠯᠡᠯ ᠤᠨ ᠰᠣᠩᠭᠤᠨ ᠲᠣᠮᠢᠯᠠᠬᠤ ᠪᠠᠷ ᠪᠦᠷᠢᠯᠳᠦᠭᠰᠡᠨ ᠭᠤᠷᠪᠠᠳᠠᠭᠢ ᠡᠲᠡᠭᠡᠳ ᠤᠨ ᠬᠢᠨᠠᠯᠲᠠ ᠲᠠᠯᠪᠢᠵᠤ ᠦᠨᠡᠯᠡᠨ | ᠵᠢᠱᠢᠬᠦ ᠵᠣᠬᠢᠶᠠᠨ ᠪᠠᠶᠢᠭᠤᠯᠤᠯᠲᠠ ᠠᠴᠠ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ | ᠨᠡᠶᠢᠴᠡᠭᠦᠯᠬᠦ ᠠᠮᠠᠯᠠᠯᠲᠠ ᠳᠤ ᠪᠠᠶᠢᠴᠠᠭᠠᠯᠲᠠ᠂ ᠦᠨᠡᠯᠡᠨ ᠵᠢᠱᠢᠯᠲᠡ᠂ ᠬᠢᠨᠠᠯᠲᠠ ᠪᠠ ᠪᠠᠶᠢᠴᠠᠭᠠᠯᠲᠠ ᠬᠢᠬᠦ ᠶᠢ ᠵᠢᠭᠠᠵᠤ | ᠪᠠᠶᠢᠨ᠎ᠠ᠃ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠶᠣᠰᠣᠭᠠᠷ ᠬᠡᠷᠡᠭ ᠢ | ᠰᠢᠢᠳᠪᠦᠷᠢᠯᠡᠬᠦ ᠶᠢᠨ ᠴᠢᠬᠤᠯᠠ ᠯᠠᠪᠯᠠᠯᠲᠠ ᠪᠣᠯᠭᠠᠨ᠎ᠠ᠃ | ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠦᠯᠬᠦ ᠥᠭᠡᠷᠡᠴᠢᠯᠡᠯᠲᠡ ᠶᠢᠨ ᠵᠣᠷᠢᠯᠭ᠎ᠠ ᠨᠢ ᠪᠤᠷᠤᠭᠤ ᠶᠢ | ᠵᠣᠬᠢᠰᠲᠠᠢ ᠪᠠᠷ ᠪᠠᠭᠲᠠᠭᠠᠬᠤ ᠲᠣᠭᠲᠠᠴᠠ ᠶᠢ ᠡᠬᠢᠯᠡᠭᠦᠯᠵᠦ᠂ ᠬᠠᠤᠯᠢᠵᠢᠯ ᠤᠨ ᠡᠵᠡᠩᠨᠡᠯᠲᠡ ᠶᠢᠨ ᠰᠠᠶᠢᠨ ᠰᠠᠶᠢᠬᠠᠨ | ᠣᠷᠴᠢᠨ ᠨᠥᠬᠦᠴᠡᠯ ᠢ ᠪᠤᠢ ᠪᠣᠯᠭᠠᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠡᠷᠡᠭᠦᠯ ᠢᠶᠠᠷ ᠬᠥᠭᠵᠢᠬᠦ ᠶᠢ | ᠠᠬᠢᠭᠤᠯᠬᠤ ᠶᠢᠨ ᠲᠥᠯᠥᠭᠡ ᠶᠤᠮ᠃ ᠭᠡᠰᠢᠭᠦᠨ ᠨᠢᠭᠡᠴᠡ ᠨᠦᠭᠦᠳ ᠬᠦᠴᠦ ᠪᠠᠨ ᠬᠠᠮᠲᠤᠳᠬᠠᠨ ᠬᠠᠮᠵᠢᠯᠴᠠᠵᠤ᠂ | ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠳᠦᠷᠢᠮ ᠲᠣᠭᠲᠠᠭᠠᠯ ᠢ | ᠲᠦᠷᠭᠡᠨ ᠲᠡᠭᠦᠯᠳᠡᠷᠵᠢᠭᠦᠯᠦᠨ ᠬᠡᠷᠡᠭᠵᠢᠭᠦᠯᠬᠦ ᠶᠢᠨ ᠬᠠᠮᠲᠤ ᠵᠢᠷᠤᠮᠵᠢᠭᠤᠯᠤᠨ ᠠᠵᠢᠯᠯᠠᠭᠤᠯᠵᠤ᠂ ᠣᠷᠣᠬᠤ | ᠪᠣᠱᠤᠭ᠎ᠠ ᠶᠢᠨ ᠵᠢᠷᠤᠮᠵᠢᠯ᠂ ᠠᠵᠢᠯᠯᠠᠬᠤ ᠲᠠᠰ ᠳᠠᠷᠠᠭᠠᠯᠠᠯ ᠤᠨ ᠵᠢᠷᠤᠮᠵᠢᠯ᠂ ᠰᠠᠬᠢᠯᠭ᠎ᠠ ᠪᠠᠲᠤ ᠶᠢᠨ ᠱᠠᠭᠠᠷᠳᠠᠯᠭ᠎ᠠ | ᠵᠡᠷᠭᠡ ᠶᠢ ᠦᠨᠡᠨ ᠬᠦ ᠪᠠᠲᠤᠯᠠᠵᠤ᠂ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ | ᠨᠡᠶᠢᠴᠡᠭᠦᠯᠬᠦ ᠥᠭᠡᠷᠡᠴᠢᠯᠡᠯᠲᠡ ᠪᠠᠷ ᠭᠠᠷᠳᠠᠴᠠ ᠪᠣᠯᠭᠠᠵᠤ᠂ ᠬᠡᠷᠡᠭ ᠰᠢᠢᠳᠪᠦᠷᠢᠯᠡᠬᠦ ᠶᠠᠰᠤ ᠴᠢᠨᠠᠷ ᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠨᠥᠬᠦᠴᠡᠯ ᠤᠨ ᠪᠠᠶᠢᠭᠤᠯᠤᠯᠲᠠ ᠶᠢ | ᠬᠠᠮᠠᠭᠠᠯᠠᠨ᠎ᠠ᠃ |