︵ᠰᠤᠷᠪᠤᠯᠵᠢᠯᠠᠭᠴᠢ ᠯᠢᠦ ᠱᠠ ᠱᠠ︶ 2 ᠳ᠋ᠤᠭᠠᠷ ᠰᠠᠷ᠎ᠠ ᠶᠢᠨ 28 ᠤ ᠡᠳᠦᠷ᠂ ᠪᠦᠬᠦ ᠬᠤᠳᠠ ᠶᠢᠨ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠨᠠᠢᠮᠠ ᠳᠤ ᠣᠷᠣᠭᠤᠯᠬᠤ ︽ | ᠨᠢᠭᠡ ᠭᠠᠵᠠᠷ ᠨᠢᠭᠡ ᠭᠤᠣᠯ ᠰᠡᠳᠦᠪ︾ ᠤᠨ ᠠᠵᠢᠯ ᠤᠨ ᠠᠬᠢᠭᠤᠯᠬᠤ ᠬᠤᠷᠠᠯ ᠬᠤᠷᠠᠯᠳᠤᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ | ᠳᠠᠷᠤᠭ᠎ᠠ ᠭᠧ ᡁᠢ ᠮᠢᠨ ᠬᠤᠷᠠᠯ ᠳᠤ ᠣᠷᠣᠯᠴᠠᠵᠤ᠂ ᠬᠤᠲᠠ ᠶᠢᠨ ᠳᠡᠳ᠋ ᠳᠠᠷᠤᠭ᠎ᠠ ᠮᠠ ᠪᠢᠩ ᠴᠢᠤᠸᠠᠨ ᠬᠤᠷᠠᠯ ᠢ | ᠡᠷᠭᠢᠯᠡᠪᠡ᠃ | ᠠᠬᠢᠭᠤᠯᠬᠤ ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ | ᠠᠵᠢᠯ ᠤᠨ ᠬᠤᠷᠢᠶ᠎ᠠ ᠵᠡᠷᠭᠡ ︽ᠨᠠᠢᠮᠠ ᠳᠤ ᠣᠷᠣᠭᠤᠯᠬᠤ︾ ᠠᠵᠢᠯ ᠢ ᠲᠦᠯᠬᠢᠨ ᠠᠬᠢᠭᠤᠯᠬᠤ 12 ᠲᠣᠯᠣᠭᠠᠶᠢᠯᠠᠬᠤ | ᠨᠢᠭᠡᠴᠡ ᠶᠢᠨ ᠲᠥᠯᠥᠭᠡᠯᠡᠭᠴᠢ ᠦᠭᠡ ᠬᠡᠯᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ | ᠬᠠᠮᠲᠤ ᠶᠢᠨ ᠲᠠᠨᠢᠯᠲᠠ ᠪᠠᠨ ᠭᠦᠨᠵᠡᠭᠡᠶᠢᠷᠡᠭᠦᠯᠦᠨ᠂ ︽ᠭᠤᠣᠯ ᠰᠢᠵᠢᠮ ᠢ ᠳᠣᠪᠤᠶᠢᠯᠭᠠᠵᠤ᠂ ᠭᠤᠣᠯᠳᠠᠯᠭ᠎ᠠ ᠳᠤ | ᠠᠭᠤᠰᠤᠯᠴᠠᠭᠤᠯᠤᠨ᠂ ᠲᠥᠷᠥᠯ ᠬᠤᠪᠢᠶᠠᠨ ᠵᠢᠯᠤᠭᠤᠳᠬᠤ︾ ᠠᠵᠢᠯ ᠤᠨ ᠰᠡᠳᠬᠢᠴᠡ ᠶᠢ ᠦᠷᠭᠦᠯᠵᠢᠯᠡᠨ | ᠪᠠᠷᠢᠮᠲᠠᠯᠠᠵᠤ᠂ ︽ᠨᠠᠢᠮᠠ ᠳᠤ ᠣᠷᠣᠭᠤᠯᠬᠤ︾ ᠶᠢᠨ ᠠᠭᠤᠯᠤᠭᠳᠠᠬᠤᠨ ᠪᠠ ᠠᠭᠤᠯᠬᠤᠨ ᠢ ᠪᠠᠶᠠᠯᠢᠭᠵᠢᠭᠤᠯᠵᠤ᠂ | ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠪᠥᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ | ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠬᠤᠲᠠ ᠶᠢ | ᠢᠳᠡᠪᠬᠢᠲᠡᠢ ᠪᠠᠷ ᠴᠢᠷᠮᠠᠶᠢᠨ ᠡᠭᠦᠳᠴᠦ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠣᠷᠣᠨ ᠤ ᠲᠥᠪ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠠᠩ ᠶᠡᠭᠡ ᠰᠢᠨ᠎ᠡ ᠬᠤᠪᠢ | ᠨᠡᠮᠡᠷᠢ ᠦᠵᠡᠭᠦᠯᠬᠦ ᠬᠡᠷᠡᠭᠲᠡᠢ ᠭᠡᠵᠡᠢ᠃ | ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠬᠤᠳᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠬᠤᠰᠢᠭᠤ ᠰᠢᠶᠠᠨ ᠲᠣᠭᠤᠷᠢᠭ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ |