ᠦᠴᠦᠸᠠᠨ ᠰᠢᠶᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠵᠢᠴᠢ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/1
     ᠮᠠᠨ ᠤ ᠰᠢᠶᠠᠨ ᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 2 ᠰᠠᠷ᠎ᠠ ᠶᠢᠨ 24 ᠤ ᠡᠳᠦᠷ᠂ ᠮᠠᠨ ᠤ ᠰᠢᠶᠠᠨ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠭᠤᠯᠤᠯ ᠵᠢᠴᠢ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠢ ᠬᠤᠷᠠᠯᠳᠤᠭᠤᠯᠪᠠ᠃ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠸᠠᠩ ᠵᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠶᠤᠯᠭᠦᠢ ᠦᠢᠯᠡᠳᠪᠦᠷᠢᠯᠡᠯ ᠳᠤ ᠬᠤᠯᠪᠣᠭᠳᠠᠭᠰᠠᠨ ᠭᠡᠰᠢᠭᠦᠨ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠠᠷᠢᠭᠤᠴᠠᠯᠭᠠᠲᠠᠨ᠂ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ ᠶᠢᠨ ᠬᠠᠷᠢᠭᠤᠴᠠᠯᠭᠠᠲᠠᠨ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠪᠦᠬᠦ ᠺᠠᠳ᠋ᠷ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢᠨ ᠲᠣᠭᠤᠷᠢᠨ ᠳᠤ ᠤᠬᠠᠭᠤᠯᠤᠨ ᠲᠠᠶᠢᠯᠪᠤᠷᠢᠯᠠᠪᠠ︔ᠬᠤᠷᠠᠯ ᠳᠤ ᠣᠷᠣᠯᠴᠠᠭᠰᠠᠳ ︽ᠠᠮᠤᠷ ᠲᠦᠪᠰᠢᠨ ᠤ ᠬᠠᠷᠢᠭᠤᠴᠠᠯᠭ᠎ᠠ ᠲᠠᠶᠢᠱᠠᠨ ᠠᠭᠤᠯᠠᠨ ᠠᠴᠠ ᠬᠦᠨᠳᠦ︾ ᠭᠡᠬᠦ ᠪᠠᠷᠢᠮᠲᠠᠲᠤ ᠺᠢᠨᠣ᠋ ᠶᠢ ᠬᠠᠮᠲᠤᠪᠠᠷ ᠦᠵᠡᠪᠡ︔ᠬᠤᠷᠠᠯ ᠳᠤ ᠣᠷᠣᠯᠴᠠᠭᠰᠠᠨ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠳ ᠠᠶᠤᠯᠭᠦᠢ ᠦᠢᠯᠡᠳᠪᠦᠷᠢᠯᠡᠯ ᠤᠨ ᠭᠠᠯ ᠤᠨᠲᠠᠷᠠᠭᠠᠬᠤ ᠮᠡᠳᠡᠯᠭᠡ᠂︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠠᠭᠤᠯᠭ᠎ᠠ ᠶᠢ ᠲᠠᠶᠢᠯᠪᠤᠷᠢᠯᠠᠬᠤ ᠶᠢᠨ ᠬᠠᠮᠲᠤ ᠭᠠᠵᠢᠭᠤ ᠨᠣᠮᠯᠠᠯ ᠢ ᠡᠰᠡᠷᠭᠦᠴᠡᠬᠦ ᠬᠠᠮᠢᠶ᠎ᠠ ᠪᠦᠬᠦᠢ ᠮᠡᠳᠡᠯᠭᠡ ᠶᠢ ᠤᠬᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠳᠤ᠂ ᠠᠮᠤᠷ ᠲᠦᠪᠰᠢᠨ ᠲᠣᠭᠲᠠᠭᠤᠨ ᠬᠥᠭᠵᠢᠯᠲᠡ ᠶᠢᠨ ᠶᠡᠭᠡ ᠲᠠᠯ᠎ᠠ ᠶᠢ ᠪᠠᠬᠢᠵᠢᠭᠦᠯᠦᠨ ᠪᠠᠲᠤᠯᠠᠬᠤ ᠪᠣᠯ ᠲᠤᠶᠢᠯ ᠤᠨ ᠴᠢᠬᠤᠯᠠ ᠶᠤᠮ᠂ ᠠᠶᠤᠯᠭᠦᠢ ᠦᠢᠯᠡᠳᠪᠦᠷᠢᠯᠡᠯ ᠤᠨ ᠤᠯᠠᠭᠠᠨ ᠱᠤᠭᠤᠮ ᠤᠨ ᠤᠬᠠᠮᠰᠠᠷ ᠢ ᠴᠢᠩᠭᠠᠳᠬᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠡᠮ ᠰᠣᠭᠤᠭ ᠢ ᠪᠠᠶᠢᠴᠠᠭᠠᠬᠤ ᠶᠢ ᠨᠠᠷᠢᠯᠢᠭᠵᠢᠭᠤᠯᠵᠤ᠂ ᠬᠠᠷᠢᠭᠤᠴᠠᠯᠭ᠎ᠠ ᠡᠭᠦᠷᠭᠡᠯᠡᠯ ᠢ ᠪᠣᠳᠠᠲᠠᠶᠢᠵᠢᠭᠤᠯᠵᠤ᠂ ᠠᠮᠤᠷ ᠲᠦᠪᠰᠢᠨ ᠤ ᠪᠣᠯᠪᠠᠰᠤᠷᠠᠯ ᠢ ᠪᠠᠲᠤᠳᠬᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠪᠦᠬᠦ ᠰᠢᠶᠠᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠲᠣᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠢ ᠡᠭᠦᠳᠴᠦ ᠥᠭᠬᠦ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号