| | | 2 ᠳ᠋ᠤᠭᠠᠷ ᠰᠠᠷ᠎ᠠ ᠶᠢᠨ 27 ᠤ ᠡᠳᠦᠷ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠨᠴᠠ ᠤᠷᠢᠭᠰᠠᠨ | ᠰᠤᠷᠭᠠᠨ ᠬᠥᠮᠦᠵᠢᠯ ᠤᠨ ᠬᠢᠨᠠᠨ ᠵᠢᠯᠣᠭᠤᠳᠤᠭᠴᠢ ᠴᠢᠨ ᠵᠢᠶᠠᠨ ᠵᠢᠶᠦ᠋ᠨ ᠢᠶᠠᠷ ᠳᠤᠭᠤᠶᠢᠯᠠᠩ ᠤᠨ ᠳᠠᠷᠤᠭ᠎ᠠ | ᠪᠣᠯᠭᠠᠭᠰᠠᠨ ᠥᠪᠡᠷᠲᠡᠭᠡᠨ ᠵᠠᠰᠠᠬᠤ ᠣᠷᠣᠨ ᠤ ᠬᠢᠨᠠᠨ ᠵᠢᠯᠤᠭᠤᠳᠬᠤ ᠳᠤᠭᠤᠶᠢᠯᠠᠩ ᠤᠨ ᠬᠢᠨ ᠦᠴᠦᠸᠠᠨ ᠰᠢᠶᠠᠨ ᠳᠤ | ᠭᠦᠨᠵᠡᠭᠡᠶᠢᠷᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ | ᠬᠥᠭᠵᠢᠯᠲᠡ ᠶᠢᠨ ᠠᠵᠢᠯ ᠢ ᠬᠢᠨᠠᠨᠵᠢᠯᠤᠭᠤᠳᠪᠠ᠃ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠣᠣ | ᠬᠤᠩ ᠪᠣᠯᠣᠨ ᠮᠠᠨ ᠤ ᠰᠢᠶᠠᠨ ᠤ ᠤᠳᠤᠷᠢᠳᠤᠯᠭ᠎ᠠ ᠬᠠᠳᠠ᠂ ᠶᠦᠨ ᠰᠢᠶᠣᠣ ᠮᠢᠨ ᠬᠤᠷᠠᠯ ᠳᠤ ᠣᠷᠣᠯᠴᠠᠵᠠᠢ᠃ | ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷ᠎ᠡ᠂ ᠬᠠᠳᠠ ᠬᠤᠯᠪᠣᠭᠳᠠᠯ ᠪᠦᠬᠦᠢ ᠠᠵᠢᠯ ᠤᠨ ᠲᠤᠬᠠᠢ ᠬᠠᠷᠢᠭᠤ | ᠮᠡᠳᠡᠭᠦᠯᠦᠯᠲᠡ ᠬᠢᠵᠦ᠂ ᠬᠢᠨᠠᠨ ᠵᠢᠯᠤᠭᠤᠳᠬᠤ ᠳᠤᠭᠤᠶᠢᠯᠠᠩ ᠤᠨ ᠬᠢᠨ ᠡᠭᠦᠳᠦᠨ ᠪᠠᠶᠢᠭᠤᠯᠤᠭᠰᠠᠨ ᠠᠵᠢᠯ ᠤᠨ | ᠪᠠᠶᠢᠳᠠᠯ ᠤᠨ ᠲᠤᠬᠠᠢ ᠠᠰᠠᠭᠤᠨ ᠯᠠᠪᠯᠠᠵᠤ᠂ ᠮᠠᠨ ᠤ ᠰᠢᠶᠠᠨ ᠤ ᠪᠦᠬᠦ ᠤᠯᠤᠰ ᠤᠨ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠠᠵᠢᠯ ᠤᠨ ᠡᠯ᠎ᠡ ᠲᠠᠯ᠎ᠠ ᠶᠢᠨ ᠪᠠᠶᠢᠳᠠᠯ | ᠵᠢᠴᠢ ᠰᠢᠨ᠎ᠡ ᠶᠢ ᠡᠭᠦᠳᠦᠭᠰᠡᠨ ᠬᠢᠯᠠᠰ ᠴᠡᠭ ᠢ ᠭᠦᠨᠵᠡᠭᠡᠢ ᠣᠶᠢᠯᠠᠭᠠᠪᠠ᠃ | ᠴᠢᠨ ᠵᠢᠶᠠᠨ ᠵᠢᠶᠦ᠋ᠨ ᠮᠠᠨ ᠤ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ | ᠪᠥᠭᠡᠳ ᠲᠡᠩᠴᠡᠭᠦᠷᠢᠲᠡᠢ ᠬᠥᠭᠵᠢᠯᠲᠡ ᠶᠢᠨ ᠠᠵᠢᠯ ᠢ ᠭᠦᠢᠴᠡᠳ ᠨᠤᠲᠠᠯᠠᠵᠤ ᠪᠠᠶᠢᠬᠤ ᠪᠠᠨ ᠢᠯᠡᠳᠬᠡᠵᠦ᠂ | ᠲᠠᠷᠠᠭᠠᠴᠢ ᠶᠢᠨ ᠬᠢᠨᠠᠨ ᠵᠢᠯᠤᠭᠤᠳᠴᠤ ᠦᠨᠡᠯᠡᠨ ᠵᠢᠱᠢᠬᠦ ᠠᠵᠢᠯ ᠤᠨ ᠳᠤᠮᠳᠠ ᠪᠠᠨ ᠦᠨᠡᠨ ᠮᠥᠨ ᠢᠶᠠᠷ ᠨᠢ | ᠮᠡᠳᠡᠭᠦᠯᠵᠦ᠂ ᠦᠨᠡᠨ ᠪᠣᠳᠠᠲᠠᠢ ᠪᠠᠷ ᠲᠤᠰᠬᠠᠵᠤ᠂ ᠦᠨᠡᠯᠡᠨ ᠵᠢᠱᠢᠬᠦ ᠰᠢᠰᠲ᠋ᠧᠮ ᠤᠨ ᠱᠠᠭᠠᠷᠳᠠᠯᠭ᠎ᠠ ᠶᠢ ᠴᠢᠩᠭ᠎ᠠ | ᠵᠢᠷᠤᠮᠯᠠᠨ᠂ ᠬᠠᠷᠠᠯᠲᠠ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ | ᠶᠣᠰᠣᠭᠠᠷ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠵᠡᠢ᠃ | ᠬᠠᠷᠢᠭᠤ ᠮᠡᠳᠡᠭᠦᠯᠦᠯᠲᠡ ᠶᠢᠨ ᠬᠤᠷᠠᠯ ᠤᠨ ᠳᠠᠷᠠᠭ᠎ᠠ᠂ ᠰᠢᠮᠳᠠᠭᠤᠯᠤᠨ ᠵᠢᠯᠤᠭᠤᠳᠬᠤ ᠳᠤᠭᠤᠶᠢᠯᠠᠩ ᠤᠨ | ᠪᠦᠷᠢᠯᠳᠦᠭᠦᠨ ᠨᠠᠷ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠣᠨ ᠲᠤᠭ᠎ᠠ ᠶᠢᠨ ᠠᠯᠪᠠᠨ ᠭᠡᠷ ᠵᠡᠷᠭᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠢᠶᠠᠷ ᠲᠤᠬᠠᠢ ᠶᠢᠨ ᠭᠠᠵᠠᠷ ᠲᠤᠨᠢ ᠬᠦᠷᠴᠦ᠂ ᠲᠠᠩᠰᠠ ᠡᠪᠬᠡᠮᠡᠯ ᠢ ᠪᠠᠶᠢᠴᠠᠭᠠᠬᠤ᠂ ᠬᠠᠷᠢᠭᠤ ᠮᠡᠳᠡᠭᠦᠯᠦᠯᠲᠡ | ᠰᠣᠨᠣᠰᠬᠤ᠂ ᠶᠠᠷᠢᠯᠴᠠᠬᠤ ᠬᠤᠷᠠᠯ ᠬᠢᠵᠦ ᠬᠠᠷᠢᠭᠤ ᠲᠤᠰᠬᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠮᠠᠨ ᠤ | ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠦᠨᠳᠦᠰᠦᠨ ᠪᠠᠶᠢᠳᠠᠯ᠂ ᠡᠬᠢ ᠪᠠᠶᠠᠯᠢᠭ ᠤᠨ | ᠲᠣᠬᠢᠷᠠᠭᠤᠯᠤᠯᠲᠠ᠂ ᠵᠠᠰᠠᠭ ᠤᠨ ᠣᠷᠳᠣᠨ ᠤ ᠪᠠᠲᠤᠯᠠᠭ᠎ᠠ ᠶᠢᠨ ᠬᠡᠮᠵᠢᠶ᠎ᠡ᠂ ᠰᠤᠷᠭᠠᠨ ᠬᠥᠮᠦᠵᠢᠯ ᠤᠨ ᠵᠢᠭᠠᠨ | ᠰᠤᠷᠭᠠᠯᠲᠠ ᠶᠢᠨ ᠶᠠᠰᠤ ᠴᠢᠨᠠᠷ᠂ ᠪᠠᠭᠰᠢ ᠶᠢ ᠤᠷᠢᠵᠤ ᠬᠡᠷᠡᠭᠯᠡᠬᠦ ᠳᠦᠷᠢᠮ ᠬᠢᠭᠡᠳ ᠰᠤᠷᠭᠠᠭᠤᠯᠢ ᠶᠢᠨ ᠬᠦᠷᠢᠶᠡᠨ ᠤ | ᠰᠣᠶᠣᠯ ᠤᠨ ᠪᠠᠶᠢᠭᠤᠯᠤᠯᠲᠠ ᠵᠡᠷᠭᠡ ᠲᠠᠯ᠎ᠠ ᠪᠠᠷ ᠪᠥᠬᠦ ᠲᠠᠯ᠎ᠠ ᠶᠢᠨ᠂ ᠭᠦᠨᠵᠡᠭᠡᠢ᠂ ᠨᠠᠷᠢᠨ ᠨᠢᠮᠪᠠᠢ ᠦᠨᠡᠯᠡᠨ ᠵᠢᠱᠢᠯᠲᠡ | ᠪᠠ ᠲᠤᠬᠠᠢ ᠶᠢᠨ ᠲᠠᠯᠠᠪᠤᠷ ᠤᠨ ᠵᠢᠯᠣᠭᠤᠳᠤᠯᠭ᠎ᠠ ᠬᠢᠭᠰᠡᠨ ᠪᠠᠶᠢᠨ᠎ᠠ᠃ | | | | |