ᠪᠣᠣ ᠭᠠᠩ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ ᠨᠡᠭᠡᠭᠡᠯᠲᠡ ᠶᠢᠨ ᠲᠣᠭᠤᠷᠢᠭ ᠪᠣᠯᠣᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠤᠨ 2023 ᠣᠨ ᠤ ᠬᠥᠭᠵᠢᠯᠲᠡ ᠶᠢᠨ ᠰᠡᠳᠬᠢᠴᠡ ᠪᠣᠯᠣᠨ ᠠᠵᠢᠯ ᠤᠨ ᠠᠷᠭ᠎ᠠ ᠬᠡᠮᠵᠢᠶ᠎ᠡ ᠶᠢ ᠰᠣᠨᠣᠰᠪᠠ
ᠨᠡᠶᠢᠲᠡᠯᠡᠭᠰᠡᠨ ᠴᠠᠭ᠄
2023/3/14
     ︵ᠰᠤᠷᠪᠤᠯᠵᠢᠯᠠᠭᠴᠢ ᠶᠦᠨ ᠵᠢᠩ︶ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠣᠯᠣᠨ ᠬᠤᠳᠠ ᠶᠢᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ 2023 ᠣᠨ ᠤ ᠬᠥᠭᠵᠢᠯᠲᠡ ᠶᠢᠨ ᠰᠡᠳᠬᠢᠴᠡ ᠪᠣᠯᠣᠨ ᠠᠵᠢᠯ ᠤᠨ ᠠᠷᠭ᠎ᠠ ᠬᠡᠮᠵᠢᠶ᠎ᠡ ᠶᠢ ᠰᠣᠨᠣᠰᠤᠭᠰᠠᠨ ᠤ ᠳᠠᠷᠠᠭ᠎ᠠ ᠪᠠᠷ᠂ 3 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠨᠡᠭᠡᠭᠡᠯᠲᠡ ᠶᠢᠨ ᠲᠣᠭᠤᠷᠢᠭ ᠪᠣᠯᠣᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠤᠨ ᠠᠵᠤ ᠦᠢᠯᠡᠰ ᠤᠨ ᠲᠥᠯᠦᠪᠵᠢᠭᠦᠯᠭᠡ᠂ ᠲᠦᠷᠦᠯ ᠵᠦᠢᠯ ᠤᠨ ᠬᠡᠷᠡᠭᠵᠢᠭᠦᠯᠦᠯᠲᠡ᠂ ᠬᠦᠴᠦᠨ ᠵᠦᠢᠯ ᠤᠨ ᠪᠠᠲᠤᠯᠠᠭ᠎ᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠲᠠᠯ᠎ᠠ ᠶᠢᠨ ᠰᠡᠳᠬᠢᠴᠡ ᠠᠷᠭ᠎ᠠ ᠬᠡᠮᠵᠢᠶ᠎ᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃      ᠬᠤᠷᠠᠯ ᠠᠴᠠ᠂ ᠨᠡᠭᠡᠭᠡᠯᠲᠡ ᠶᠢᠨ ᠲᠣᠭᠤᠷᠢᠭ ᠪᠣᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ︽ᠭᠤᠣᠯ ᠳᠠᠶᠢᠨ ᠤ ᠲᠠᠯᠠᠪᠤᠷ︾ ᠪᠣᠯᠣᠨ᠎ᠠ᠂ ᠨᠡᠭᠡᠭᠡᠯᠲᠡ ᠶᠢᠨ ᠲᠣᠭᠤᠷᠢᠭ ᠢ ᠬᠦᠴᠦᠷᠬᠡᠭᠵᠢᠭᠦᠯᠪᠡᠯ ᠰᠠᠶ᠋ᠢ ᠣᠷᠣᠨ ᠤ ᠲᠥᠪ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠤᠯᠠᠮ ᠠᠴᠠ ᠤᠯᠠᠮ ᠶᠡᠬᠡᠳᠴᠦ᠂ ᠬᠥᠭᠵᠢᠯᠲᠡ ᠶᠢᠨ ᠬᠠᠨᠳᠤᠰᠢ ᠤᠯᠠᠮ ᠠᠴᠠ ᠤᠯᠠᠮ ᠰᠠᠶᠢᠵᠢᠷᠠᠵᠤ ᠴᠢᠳᠠᠨ᠎ᠠ᠃ ᠡᠯ᠎ᠡ ᠨᠡᠭᠡᠭᠡᠯᠲᠡ ᠶᠢᠨ ᠲᠣᠭᠤᠷᠢᠭ ᠤᠨ ᠬᠢᠨ ᠠᠮᠢ ᠴᠦᠯᠡᠨ ᠲᠡᠮᠡᠴᠡᠬᠦ ᠤᠬᠠᠮᠰᠠᠷ ᠢᠶᠠᠨ ᠴᠢᠩᠭᠠᠳᠬᠠᠵᠤ᠂ ᠵᠣᠷᠢᠭᠲᠠᠢ ᠪᠠᠷ ᠬᠢᠬᠦ ᠰᠥᠰᠥ ᠵᠣᠷᠢᠭ ᠢᠶᠠᠷ ᠬᠥᠭᠵᠢᠯᠲᠡ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠴᠢᠳᠠᠮᠠᠭᠠᠢ ᠪᠠᠷ ᠬᠢᠬᠦ ᠴᠢᠳᠠᠪᠤᠷᠢ ᠪᠠᠨ ᠪᠣᠯᠪᠠᠰᠤᠷᠠᠭᠤᠯᠵᠤ᠂ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠪᠠᠨ ᠨᠡᠮᠡᠭᠳᠡᠭᠦᠯᠵᠦ᠂ ᠪᠣᠳᠠᠲᠠᠢ ᠠᠵᠢᠯᠯᠠᠵᠤ᠂ ᠡᠮᠦᠨ᠎ᠡ ᠨᠢ ᠶᠠᠪᠤᠬᠤ ᠬᠡᠷᠡᠭᠲᠡᠢ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠵᠢᠨᠱᠠᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠨᠢ ︽ᠰᠢᠨ᠎ᠡ ᠮᠠᠲ᠋ᠧᠷᠢᠶᠠᠯ ᠪᠠ ᠲᠣᠨᠤᠭ ᠲᠥᠬᠦᠭᠡᠷᠦᠮᠵᠢ ᠦᠶᠯᠡᠳᠬᠦ᠂ ᠣᠳᠣᠬᠢᠴᠢᠯᠠᠭᠰᠠᠨ ᠠᠵᠤ ᠦᠢᠯᠡᠳᠪᠦᠷᠢ︾ ᠭᠡᠬᠦ ᠬᠤᠶᠠᠷ ᠲᠣᠮᠣ ᠠᠵᠤ ᠦᠢᠯᠡᠰ ᠤᠨ ᠪᠥᠭᠡᠮᠨᠡᠷᠡᠯ᠂ ᠵᠦᠩ ᠬᠤᠸᠠᠨ ᠪᠠ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠥᠬᠡᠬᠤᠲᠠ ᠶᠢᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠬᠤᠶᠠᠷ ᠲᠣᠮᠣ ᠲᠣᠯᠣᠭᠠᠶᠢᠯᠠᠭᠴᠢ ᠠᠵᠤ ᠠᠬᠤᠶᠢᠯᠠᠯ ᠤᠨ ᠲᠣᠭᠤᠷᠢᠨ ᠳᠤ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠦᠷᠢᠯᠡᠬᠦ᠂ ᠬᠡᠯᠬᠢᠶ᠎ᠡ ᠶᠢ ᠴᠢᠩᠭᠠᠳᠬᠠᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ︽ᠮᠢᠩᠭᠠᠨ ᠳ᠋ᠦᠩᠰᠢᠭᠤᠷ ᠲᠠᠰ︾ ᠤᠨ ᠬᠦᠷᠢᠶᠡᠯᠡᠩ ᠲᠣᠭᠤᠷᠢᠭ ᠢ ᠴᠢᠷᠮᠠᠶᠢᠨ ᠪᠠᠶᠢᠭᠤᠯᠬᠤ ᠬᠡᠷᠡᠭᠲᠡᠢ᠃ ᠴᠡᠯᠡᠭᠡᠷ ᠲᠠᠯ᠎ᠠ ᠶᠢᠨ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠨᠢ ᠢᠯᠢ ᠶᠢᠨ ᠤᠳᠤ ᠦᠶ᠎ᠡ ᠶᠢᠨ ᠣᠶᠤᠨᠲᠤ ᠡᠷᠡᠭᠦᠯ ᠮᠡᠨᠳᠤ ᠶᠢᠨ ᠬᠥᠨᠳᠡᠢ ᠶᠢᠨ ᠲᠣᠭᠤᠷᠢᠨ ᠳᠤ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠤᠯᠤᠰ ᠤᠨ ᠲᠡᠷᠢᠭᠦᠨ ᠤ ᠦᠢᠯᠡᠳᠬᠦ ᠦᠢᠯᠡᠰ ᠤᠨ ᠪᠥᠭᠡᠮᠨᠡᠷᠡᠯ ᠵᠡᠷᠭᠡ ᠳᠤᠯᠤᠭᠠᠨ ᠲᠣᠮᠣ ︽ᠤᠯᠤᠰ ᠦᠰᠦᠭ ᠲᠠᠢ ᠲᠡᠮᠳᠡᠭ︾ ᠢ ᠰᠠᠶᠢᠲᠤᠷ ᠬᠡᠷᠡᠭᠯᠡᠵᠦ᠂ ᠰᠢᠩᠭᠡᠨ ᠰᠦ ᠶᠢᠨ ᠭᠤᠷᠪᠠᠳᠤᠭᠠᠷ ᠬᠤᠭᠤᠴᠠᠭ᠎ᠠ᠂ ᠪᠢᠰᠢᠯᠠᠭ ᠤᠨ ᠦᠢᠯᠡᠳᠪᠦᠷᠢ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ᠂ ᠣᠶᠤᠨᠲᠤ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠵᠡᠷᠭᠡ ᠳᠦᠷᠦᠯ ᠵᠦᠢᠯ ᠢ ᠰᠠᠶᠢᠲᠤᠷ ᠬᠡᠷᠡᠭᠵᠢᠭᠦᠯᠵᠦ᠂ ᠰᠦ ᠶᠢᠨ ᠠᠵᠤ ᠦᠢᠯᠡᠰ ᠤᠨ ᠪᠦᠬᠦ ᠬᠡᠯᠬᠢᠶ᠎ᠡ ᠠᠭᠤᠰᠤᠯᠴᠠᠵᠤ᠂ ᠲᠥᠪᠯᠡᠷᠡᠨ ᠬᠥᠭᠵᠢᠬᠦ ᠶᠢ ᠲᠦᠯᠬᠢᠨ ᠠᠬᠢᠭᠤᠯᠬᠤ ᠬᠡᠷᠡᠭᠲᠡᠢ᠃ ᠬᠤᠷᠢᠨᠭᠡᠷ ᠤᠨ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠨᠢ ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠠᠵᠤ ᠦᠢᠯᠡᠰ ᠤᠨ ᠪᠥᠭᠡᠮᠨᠡᠷᠡᠯ ᠤᠨ ᠲᠣᠭᠤᠷᠢᠨ ᠳᠤ᠂ ᠰᠢᠰᠲ᠋ᠧᠮ ᠲᠠᠢ ᠪᠠᠷ ᠲᠥᠯᠥᠪᠯᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠠᠵᠤ ᠦᠢᠯᠡᠰ ᠤᠨ ᠬᠡᠪᠴᠢᠶ᠎ᠡ ᠪᠠᠷ ᠪᠠᠭ᠎ᠠ᠂ ᠬᠡᠯᠬᠢᠶ᠎ᠡ ᠪᠠᠷ ᠣᠬᠤᠷ ᠵᠡᠷᠭᠡ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠲᠣᠭᠲᠠᠬᠤ ᠴᠢᠩ ᠱᠦᠢ ᠾᠧ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠨᠢ ᠴᠡᠪᠡᠷ ᠡᠨᠧᠷᠭᠢ᠂ ᠣᠳᠣᠬᠢᠴᠢᠯᠠᠭᠰᠠᠨ ᠠᠵᠤ ᠦᠢᠯᠡᠳᠪᠦᠷᠢ᠂ ᠠᠮᠢᠳᠤ ᠪᠣᠳᠠᠰ ᠤᠨ ᠡᠮ ᠡᠮᠨᠡᠯᠭᠡ᠂ ᠰᠢᠨ᠎ᠡ ᠮᠠᠲ᠋ᠧᠷᠢᠶᠠᠯ ᠵᠡᠷᠭᠡ ᠠᠵᠤ ᠦᠢᠯᠡᠰ ᠤᠨ ᠰᠠᠭᠤᠷᠢ ᠪᠠ ᠳᠠᠪᠠᠭᠤᠯᠢᠭ ᠤᠨ ᠲᠣᠭᠤᠷᠢᠨ ᠳᠤ᠂ ᠳ᠋ᠠ ᠲᠠᠩ ᠤᠨ ᠲᠣᠭᠲᠠᠬᠤ ᠶᠢᠨ ᠴᠠᠬᠢᠯᠭᠠᠨ ᠤ ᠦᠢᠯᠡᠳᠪᠦᠷᠢ᠂ ᠵᠢᠦ ᠲᠠᠢ᠂ ᠰᠢᠦᠢ ᠶᠠᠩ᠂ ᠶᠢᠨ ᠾᠧ ᠵᠡᠷᠭᠡ ᠲᠣᠯᠣᠭᠠᠶᠢᠯᠠᠭᠴᠢ ᠠᠵᠤ ᠠᠬᠤᠶᠢᠯᠠᠯ ᠳᠤ ᠲᠦᠰᠢᠭᠯᠡᠨ᠂ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠭᠤᠣᠯᠯᠠᠬᠤ ᠠᠵᠤ ᠦᠢᠯᠡᠰ ᠲᠣᠪᠣᠶᠢᠮ᠎ᠠ᠂ ᠣᠨᠴᠠᠯᠢᠭᠲᠤ ᠠᠵᠤ ᠦᠢᠯᠡᠰ ᠢᠯᠡ ᠲᠣᠳᠣ ᠲᠡᠷᠢᠭᠦᠨ ᠤ ᠬᠦᠷᠢᠶᠡᠯᠡᠩ ᠲᠣᠭᠤᠷᠢᠭ ᠢ ᠪᠠᠶᠢᠭᠤᠯᠬᠤ ᠬᠡᠷᠡᠭᠲᠡᠢ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠨᠢ ᠬᠠᠭᠤᠴᠢᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ᠂ ᠦᠨᠡᠲᠦ ᠲᠡᠮᠦᠷᠯᠢᠭ ᠢ ᠨᠠᠷᠢᠯᠢᠭ ᠪᠣᠯᠪᠠᠰᠤᠷᠠᠭᠤᠯᠬᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠶᠢᠨ ᠲᠣᠭᠤᠷᠢᠨ ᠳᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠬᠦ ᠬᠡᠷᠡᠭᠲᠡᠢ᠃ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠢ ᠲᠥᠯᠥᠪᠯᠡᠨ ᠪᠠᠶᠢᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠵᠦ᠂ ᠠᠵᠤ ᠦᠢᠯᠡᠰ ᠢ ᠲᠥᠯᠥᠪᠵᠢᠭᠦᠯᠬᠦ ᠪᠠ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠡᠭᠡᠭᠡᠯᠲᠡ ᠶᠢᠨ ᠲᠣᠭᠤᠷᠢᠭ ᠤᠨ ᠬᠥᠭᠵᠢᠯᠲᠡ ᠶᠢ ᠠᠬᠢᠭᠤᠯᠬᠤ ᠳᠤ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠶᠡᠭᠡ ᠪᠠᠶᠢᠷᠢᠰᠢᠯ ᠲᠠᠢ ᠰᠢᠰᠲ᠋ᠧᠮᠲᠦ ᠴᠢᠨᠠᠷᠲᠠᠢ ᠪᠠᠷ ᠲᠥᠯᠥᠪᠵᠢᠭᠦᠯᠵᠦ ᠂ ᠥᠨᠳᠥᠷ ᠭᠠᠷᠤᠭ᠎ᠠ ᠲᠠᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ ᠬᠡᠷᠡᠭᠲᠡᠢ᠃ ᠤᠰᠤ᠂ ᠴᠠᠬᠢᠯᠭᠠᠨ᠂ ᠵᠠᠮ ᠵᠡᠷᠭᠡ ᠰᠠᠭᠤᠷᠢ ᠲᠥᠬᠦᠭᠡᠷᠦᠮᠵᠢ ᠶᠢᠨ ᠲᠥᠬᠦᠷᠴᠢᠯᠡᠯᠲᠡ ᠶᠢ ᠲᠡᠭᠦᠯᠳᠡᠷᠵᠢᠭᠦᠯᠵᠦ᠂ ᠨᠡᠭᠡᠭᠡᠯᠲᠡ ᠶᠢᠨ ᠲᠣᠭᠤᠷᠢᠭ ᠤᠨ ᠲᠠᠲᠠᠬᠤ ᠬᠦᠴᠦᠨ ᠪᠠ ᠳᠠᠭᠠᠭᠠᠴᠠ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠨᠡᠭᠡᠭᠡᠯᠲᠡ ᠶᠢᠨ ᠲᠣᠭᠤᠷᠢᠭ ᠤᠨ ᠰᠤᠯᠠ ᠪᠠᠶᠢᠭ᠎ᠠ ᠡᠬᠢ ᠪᠠᠶᠠᠯᠢᠭ ᠤᠨ ᠡᠯᠧᠮᠧᠨ᠋ᠲ ᠢ ᠶᠡᠭᠡ ᠪᠠᠷ ᠪᠠᠶᠢᠴᠠᠭᠠᠬᠤ ᠶᠢ ᠭᠦᠨᠵᠡᠭᠡᠢ ᠥᠷᠨᠢᠭᠦᠯᠵᠦ᠂ ᠭᠠᠵᠠᠷ ᠰᠢᠷᠣᠢ ᠶᠢᠨ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠠᠮᠢᠳᠤᠯᠢᠭ ᠪᠣᠯᠭᠠᠵᠤ᠂ ᠡᠬᠢ ᠪᠠᠶᠠᠯᠢᠭ ᠢ ᠠᠷᠪᠢᠯᠠᠨ ᠠᠰᠢᠭᠯᠠᠬᠤ ᠶᠢ ᠰᠠᠶᠢᠲᠤᠷ ᠠᠳᠬᠤᠵᠤ᠂ ᠮᠦ ᠪᠦᠷᠢ ᠶᠢᠨ ᠳᠤᠮᠳᠠᠴᠢ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠠᠵᠤ ᠦᠢᠯᠡᠰ ᠢ ᠲᠥᠯᠥᠪᠵᠢᠭᠦᠯᠦᠨ ᠲᠥᠷᠥᠯ ᠵᠦᠢᠯ ᠢ ᠲᠥᠰᠥᠪᠯᠡᠵᠦ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠲᠠᠰᠤᠷᠠᠯᠲᠠ ᠦᠭᠡᠢ ᠪᠣᠶᠢᠵᠢᠭᠤᠯᠤᠨ᠂ ᠮᠠᠨ ᠤ ᠬᠤᠲᠠ ᠶᠢᠨ ᠡᠯ᠎ᠡ ᠨᠡᠭᠡᠭᠡᠯᠲᠡ ᠶᠢᠨ ᠲᠣᠭᠤᠷᠢᠭ ᠢ ᠪᠥᠬᠦ ᠣᠷᠣᠨ ᠤ ᠶᠡᠷᠦᠩᠬᠡᠶᠢᠯᠡᠭᠰᠡᠨ ᠨᠡᠷᠡᠰ ᠤᠨ ᠵᠢᠭᠰᠠᠭᠠᠯᠲᠠ ᠶᠢᠨ ᠲᠡᠷᠢᠭᠦᠨ ᠳᠤ ᠣᠷᠣᠭᠤᠯᠬᠤ ᠪᠠᠷ ᠦᠷᠭᠦᠯᠵᠢᠯᠡᠨ ᠴᠢᠷᠮᠠᠶᠢᠬᠤ ᠬᠡᠷᠡᠭᠲᠡᠢ ᠭᠡᠵᠡᠢ᠃      ᠬᠤᠳᠠ ᠶᠢᠨ ᠤᠳᠤᠷᠢᠳᠤᠯᠭ᠎ᠠ ᠼᠦᠢ ᠵᠧᠨ ᠦ᠋᠂ ᠯᠢᠦ ᠵᠢᠢ ᠶᠢᠩ᠂ ᠸᠠᠩ ᠰᠢᠨ ᠢᠦᠢ᠂ ᠯᠢ ᠰᠢᠶᠣᠣ ᠶᠠᠨ ᠵᠢᠴᠢ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号