ᠮᠠᠨ ᠤ ᠬᠤᠲᠠ ︽ᠣᠪᠣᠷ ᠰᠤᠷᠲᠠᠯ ᠢᠶᠠᠨ ᠥᠭᠡᠷᠡᠴᠢᠯᠡᠵᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ ︽ᠠᠷᠠᠳ ᠲᠤ ᠳᠥᠭᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ︾ ᠶᠡᠭᠡ ᠦᠢᠯᠡᠴᠢᠯᠡᠭᠡ ᠶᠢ ᠰᠠᠶᠢᠲᠤᠷ ᠬᠢᠵᠦ ᠪᠣᠢ
ᠨᠡᠶᠢᠲᠡᠯᠡᠭᠰᠡᠨ ᠴᠠᠭ᠄
2023/3/14
     ︵ᠰᠤᠷᠪᠤᠯᠵᠢᠯᠠᠭᠴᠢ ᠯᠢᠶᠠᠩ ᠵᠢᠩ ᠱᠤ᠋︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠮᠠᠨ ᠤ ᠬᠤᠲᠠ ︽ᠣᠪᠣᠷ ᠰᠤᠷᠲᠠᠯ ᠢᠶᠠᠨ ᠥᠭᠡᠷᠡᠴᠢᠯᠡᠵᠦ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯ ᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠠᠰᠠᠭᠤᠳᠠᠯ ᠳᠤ ᠰᠠᠨᠠᠭ᠎ᠠ ᠪᠣᠯᠣᠨ ᠬᠦᠴᠦ ᠲᠠᠯᠪᠢᠨ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷ ᠲᠦᠪᠡᠭᠲᠡᠢ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ︽ᠣᠪᠣᠷ ᠰᠤᠷᠲᠠᠯ ᠢᠶᠠᠨ ᠥᠭᠡᠷᠡᠴᠢᠯᠡᠵᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠡᠯ᠎ᠡ ᠵᠦᠢᠯ ᠤᠨ ᠠᠵᠢᠯ ᠢ ᠲᠦᠷᠭᠡᠳᠬᠡᠵᠦ ᠭᠦᠶᠦᠯᠭᠡᠵᠦ ᠡᠬᠢᠯᠡᠪᠡ᠃      ᠭᠤᠣᠯᠳᠠᠯᠭ᠎ᠠ ᠲᠠᠢ ᠲᠥᠷᠥᠯ ᠵᠦᠢᠯ ᠤᠨ ᠣᠷᠴᠢᠨ ᠠᠬᠤᠢ ᠳᠠᠬᠢ ᠨᠥᠯᠥᠭᠡᠯᠡᠯ ᠤᠨ ᠦᠨᠡᠯᠡᠯᠲᠡ ᠶᠢᠨ ᠬᠢᠨᠠᠨ ᠵᠥᠪᠰᠢᠶᠡᠷᠡᠯᠲᠡ ᠳᠤ ︽ᠬᠤᠷᠳᠤᠳᠬᠠᠯ︾ ᠭᠠᠷᠭᠠᠪᠠ᠃ ᠣᠷᠴᠢᠨ ᠠᠬᠤᠢ ᠳᠠᠬᠢ ᠨᠥᠯᠥᠭᠡᠯᠡᠯ ᠢ ᠦᠨᠡᠯᠡᠯᠲᠡ ᠶᠢᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠰᠠᠷ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠣᠷᠴᠢᠨ ᠠᠬᠤᠢ ᠳᠠᠬᠢ ᠨᠥᠯᠥᠭᠡᠯᠡᠯ ᠢᠶᠠᠷ ᠨᠡᠯᠢᠶᠡᠳ ᠬᠥᠩᠭᠡᠨ 662 ᠵᠦᠢᠯ ᠳᠤ ᠬᠠᠤᠯᠢ ᠲᠣᠭᠲᠠᠭᠠᠯ ᠶᠣᠰᠣᠭᠠᠷ ᠣᠷᠴᠢᠨ ᠠᠬᠤᠢ ᠳᠠᠬᠢ ᠨᠥᠯᠥᠭᠡᠯᠡᠯ ᠢ ᠦᠨᠡᠯᠡᠬᠦ ᠬᠠᠮᠢᠶᠠᠷᠤᠯᠲᠠ ᠠᠴᠠ ᠬᠡᠯᠲᠦᠷᠢᠭᠦᠯᠪᠡ᠃ ᠲᠦᠷᠭᠡᠨ ᠬᠢᠨᠠᠵᠤ ᠲᠦᠷᠭᠡᠨ ᠰᠢᠢᠳᠪᠦᠷᠢᠯᠡᠬᠦ ᠬᠤᠷᠢᠨ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠵᠥᠪᠰᠢᠶᠡᠷᠡᠬᠦ ᠴᠠᠭ ᠢ ᠪᠠᠭᠠᠰᠬᠠᠵᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠴᠠᠭ ᠢ 50% ᠠᠴᠠ ᠳᠡᠭᠡᠭᠰᠢ ᠪᠠᠭᠠᠰᠬᠠᠪᠠ᠃ ︽ᠵᠢᠷᠭᠤᠭᠠᠨ ᠲᠣᠮᠣ ᠠᠵᠤ ᠦᠢᠯᠡᠰ︾ ᠲᠤ ᠠᠩᠬᠠᠷᠤᠯ ᠢᠶᠠᠨ ᠬᠠᠨᠳᠤᠭᠤᠯᠵᠤ᠂ ᠬᠡᠯᠬᠢᠶ᠎ᠡ ᠶᠢ ᠤᠷᠲᠤᠳᠬᠠᠬᠤ ᠬᠡᠯᠬᠢᠶ᠎ᠡ  ᠶᠢ ᠨᠥᠬᠦᠪᠦᠷᠢᠯᠡᠬᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠠᠮᠢᠳᠤᠯᠢᠭ ᠪᠣᠯᠭᠠᠬᠤ ᠵᠡᠷᠭᠡ ᠴᠢᠬᠤᠯᠠ ᠶᠡᠭᠡ ᠲᠥᠷᠥᠯ ᠵᠦᠢᠯ ᠳᠤ ᠰᠠᠭᠠᠳ ᠦᠭᠡᠢ ᠨᠡᠪᠲᠡᠷᠡᠬᠦ ᠵᠠᠮ ᠨᠡᠭᠡᠭᠡᠵᠦ᠂ ᠬᠠᠤᠯᠢ ᠳᠤ ᠲᠣᠭᠲᠠᠭᠠᠭᠰᠠᠨ ᠢᠯᠡ ᠨᠡᠶᠢᠲᠡᠯᠡᠬᠦ ᠬᠤᠭᠤᠴᠠᠭᠠᠨ ᠳᠤ ᠮᠡᠷᠭᠡᠵᠢᠯ ᠤᠨ ᠦᠨᠡᠯᠡᠨ ᠵᠢᠱᠢᠯᠲᠡ ᠪᠠ ᠬᠢᠨᠠᠨ ᠬᠠᠷᠭᠤᠭᠤᠯᠤᠯᠲᠠ ᠶᠢ ᠵᠡᠷᠭᠡ ᠪᠠᠷ ᠥᠷᠨᠢᠭᠦᠯᠦᠨ᠎ᠡ᠂ ᠵᠢᠱᠢᠶᠡᠯᠡᠪᠡᠯ᠂ ᠲᠣᠭᠲᠠᠬᠤ ᠰᠢᠶᠠᠨ ᠤ ᠶᠢᠨ ᠳ᠋ᠠ ᠸᠧᠢ ᠠᠮᠢᠳᠤ ᠪᠣᠳᠠᠰ ᠤᠨ ᠡᠮ ᠦᠶᠯᠡᠳᠬᠦ ᠦᠢᠯᠡᠳᠬᠦᠨ ᠢ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ ᠪᠠ ᠦᠴᠦᠸᠠᠨ ᠤ ᠾᠧᠦ ᠪᠥᠸᠧ ᠽᠢ ᠶᠢᠨ ᠵᠢᠯ ᠤᠨ ᠭᠠᠷᠤᠯᠲᠠ 300 ᠲᠦᠮᠡᠨ ᠲᠣᠨ ᠤ ᠲᠡᠮᠦᠷ ᠤᠨ ᠠᠭᠤᠷᠬᠠᠢ ᠮᠠᠯᠲᠠᠬᠤ ᠲᠥᠷᠥᠯ ᠵᠦᠢᠯ ᠢ 15 ᠡᠳᠦᠷ ᠤᠨ ᠢᠯᠡ ᠨᠡᠶᠢᠲᠡᠯᠡᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ ︽ᠲᠡᠭ ᠠᠵᠢᠯ ᠤᠨ ᠡᠳᠦᠷ︾ ᠭᠡᠵᠦ ᠴᠣᠬᠤᠯᠠᠪᠤᠷᠢᠯᠠᠪᠠ᠃ ᠣᠲᠣ ᠪᠣᠯᠲᠠᠯ᠎ᠠ᠂ ᠪᠥᠬᠦ ᠬᠤᠲᠠ ᠶᠢᠨ 1050 ᠭᠤᠣᠯᠳᠠᠯᠭ᠎ᠠ ᠲᠠᠢ ᠲᠥᠷᠥᠯ ᠵᠦᠢᠯ ᠠᠴᠠ ᠨᠢᠭᠡᠨᠲᠡ 941 ᠶᠢ ᠭᠦᠢᠴᠡᠳᠬᠡᠨ ᠳᠠᠭᠤᠰᠬᠠᠵᠤ᠂ ᠭᠦᠢᠴᠡᠳᠬᠡᠵᠦ ᠳᠠᠭᠤᠰᠬᠠᠭᠰᠠᠨ ᠨᠣᠷᠮ᠎ᠠ ᠨᠢ 89.6% ᠬᠦᠷᠴᠦ᠂ ᠬᠤᠯᠪᠣᠭᠳᠠᠭᠰᠠᠨ ᠪᠡᠯᠡ ᠣᠷᠣᠭᠤᠯᠤᠯᠲᠠ ᠶᠢᠨ ᠲᠤᠭ᠎ᠠ ᠨᠢ 5222.74 ᠳ᠋ᠦᠩᠰᠢᠭᠤᠷ ᠲᠥᠭᠦᠷᠢᠭ ᠲᠤ ᠬᠦᠷᠴᠡᠢ᠃      ᠬᠠᠲᠠᠭᠤ ᠠᠷᠭ᠎ᠠ ᠬᠡᠮᠵᠢᠶ᠎ᠡ ᠠᠪᠴᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠬᠦᠮ ᠤᠨ ᠬᠡᠮᠵᠢᠶ᠎ᠡ ᠶᠢ ᠳᠡᠭᠡᠭᠰᠢᠯᠡᠭᠦᠯᠪᠡ᠃ ︽ᠠᠭᠤᠯᠵᠠᠬᠤ ᠦᠭᠡᠢ︾ ᠬᠢᠨᠠᠨ ᠵᠥᠪᠰᠢᠶᠡᠷᠡᠯ ᠢ ᠬᠡᠷᠡᠭᠵᠢᠭᠦᠯᠵᠦ᠂ ᠬᠤᠲᠠ ᠶᠢᠨ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠪᠥᠬᠦ ᠶᠠᠪᠤᠴᠠ ᠶᠢᠨ ᠰᠦᠯᠵᠢᠶᠡᠨ ᠳᠡᠭᠡᠷ᠎ᠡ ᠭᠦᠢᠴᠡᠳᠬᠡᠬᠦ᠂ ᠠᠯᠠᠭᠠᠨ ᠳᠡᠭᠡᠷ᠎ᠡ ᠭᠦᠢᠴᠡᠳᠬᠡᠬᠦ ᠵᠦᠢᠯᠡᠰ ᠤᠨ ᠨᠠᠷᠢᠨ ᠬᠠᠭᠤᠳᠠᠰᠤ ᠶᠢ ᠨᠡᠶᠢᠲᠡᠯᠡᠪᠡ᠂ ᠡᠭᠦᠨ ᠳᠤ ᠪᠥᠬᠦ ᠶᠠᠪᠤᠴᠠ ᠶᠢᠨ ᠰᠦᠯᠵᠢᠶᠡᠨ ᠳᠡᠭᠡᠷ᠎ᠡ ᠭᠦᠢᠴᠡᠳᠬᠡᠬᠦ ᠵᠦᠢᠯᠡᠰ ᠤᠨ ᠲᠤᠭ᠎ᠠ 707 ᠬᠦᠷᠴᠦ᠂ ᠬᠤᠲᠠ ᠶᠢᠨ ᠲᠣᠰ ᠱᠠᠲᠤᠨ ᠤ ᠵᠦᠢᠯᠡᠰ ᠤᠨ ᠪᠥᠬᠦ ᠲᠣᠭᠠᠨ ᠤ 56.6% ᠶᠢ ᠡᠵᠡᠯᠡᠪᠡ︔ 820 ᠵᠦᠢᠯ ᠤᠨ ᠤᠴᠢᠷ ᠶᠠᠪᠤᠳᠠᠯ ᠢ ᠠᠯᠠᠭᠠᠨ ᠳᠡᠭᠡᠷ᠎ᠡ ᠪᠠᠨ ᠪᠠᠶᠢᠴᠠᠭᠠᠨ ᠯᠠᠪᠯᠠᠵᠤ᠂ ᠠᠯᠠᠭᠠᠨ ᠳᠡᠭᠡᠷ᠎ᠡ ᠪᠠᠨ ᠭᠦᠢᠴᠡᠳᠬᠡᠬᠦ ᠶᠢ ᠪᠡᠶᠡᠯᠡᠭᠦᠯᠪᠡ᠃ ᠮᠥᠩᠬᠡ ᠰᠤᠪᠠᠭ App ᠳᠤ ︽ᠪᠠᠭ᠎ᠠ ᠤᠴᠢᠷ ᠢ ᠣᠶᠣᠨ ᠢᠶᠠᠷ ᠰᠢᠢᠳᠪᠦᠷᠢᠯᠡᠬᠦ ᠲᠤᠰᠬᠠᠢ ᠪᠤᠯᠤᠩ︾ ᠢ ᠠᠰᠢᠭᠯᠠᠯᠲᠠ ᠳᠤ ᠣᠷᠣᠭᠤᠯᠵᠤ᠂ ᠠᠷᠠᠳ ᠤᠨ ᠠᠮᠢᠳᠤᠷᠠᠯ ᠤᠨ ᠲᠥᠷᠥᠯ ᠤᠨ ᠦᠢᠯᠡᠴᠢᠯᠡᠭᠡᠨ ᠤ ᠵᠦᠢᠯᠡᠰ ᠢ ᠲᠦᠷᠦᠭᠦ᠂ ᠰᠤᠷᠭᠠᠭᠤᠯᠢ ᠳᠤ ᠣᠷᠣᠬᠤ᠂ ᠠᠵᠢᠯ ᠣᠯᠬᠤ᠂ ᠠᠮᠢᠳᠤᠷᠠᠬᠤ᠂ ᠠᠪᠤᠷᠠᠨ ᠲᠤᠰᠠᠯᠠᠬᠤ᠂ ᠨᠠᠰᠤᠵᠢᠯ ᠤᠨ ᠠᠰᠠᠷᠠᠮᠵᠢ ᠵᠡᠷᠭᠡ ᠵᠢᠷᠭᠤᠭᠠᠨ ᠶᠡᠭᠡ ᠲᠥᠷᠥᠯ ᠳᠤ ᠬᠤᠪᠢᠶᠠᠵᠤ᠂ ᠡᠯ᠎ᠡ ᠲᠥᠷᠥᠯ ᠤᠨ ᠬᠡᠷᠡᠭᠯᠡᠭᠡᠨ ᠤ ᠵᠦᠢᠯ 26 ᠵᠦᠢᠯ ᠢ ᠨᠡᠶᠢᠳᠬᠡᠨ ᠣᠷᠣᠭᠤᠯᠪᠠ᠃ ᠬᠥᠬᠡᠬᠤᠲᠠ ᠶᠢᠨ ᠠᠮᠢᠳᠤᠷᠠᠯ ᠤᠨ ᠰᠦᠢᠳᠬᠡᠯ ᠲᠤᠰᠢᠶᠠᠬᠤ ᠲᠤᠰᠬᠠᠢ ᠪᠤᠯᠤᠩ ᠤᠨ ᠴᠢᠳᠠᠮᠵᠢ ᠶᠢ ᠨᠡᠭᠡᠭᠡᠨ ᠬᠥᠭᠵᠢᠭᠦᠯᠵᠦ᠂ ᠤᠰᠤ ᠬᠠᠩᠭᠠᠬᠤ᠂ ᠢᠯᠴᠢ ᠬᠠᠩᠭᠠᠬᠤ᠂ ᠰᠢᠲᠠᠮᠠᠬᠠᠢ ᠬᠡᠢ ᠵᠡᠷᠭᠡ 10 ᠵᠦᠢᠯ ᠤᠨ ᠬᠡᠷᠡᠭᠯᠡᠭᠡᠨ ᠤ ᠵᠦᠢᠯ ᠢ ᠨᠡᠶᠢᠳᠬᠡᠪᠡ᠃ 1—2 ᠳ᠋ᠤᠭᠠᠷ ᠰᠠᠷ᠎ᠠ ᠳᠤ᠂ ᠪᠥᠬᠦ ᠬᠤᠲᠠ ᠢᠨᠲ᠋ᠧᠷ ᠰᠦᠯᠵᠢᠶ᠎ᠡ ᠪᠠᠷ ᠨᠡᠶᠢᠲᠡ 12.1 ᠲᠦᠮᠡᠨ ᠬᠤᠪᠢ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 332.1% ᠪᠠᠷ ᠨᠡᠮᠡᠭᠳᠡᠨ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 92.2% ᠲᠤ ᠬᠦᠷᠴᠡᠢ᠃ ︽ᠦᠨᠡᠮᠯᠡᠯ ᠦᠵᠡᠬᠦ ᠦᠭᠡᠢ ᠪᠠᠷ ᠭᠦᠢᠴᠡᠳᠬᠡᠬᠦ︾ ᠵᠠᠭᠪᠤᠷ ᠢ ᠬᠡᠷᠡᠭᠵᠢᠭᠦᠯᠵᠦ᠂ 1193 ᠵᠦᠢᠯ ᠤᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠤᠷᠤᠭᠰᠠᠨ ᠬᠠᠮᠲᠤ ᠪᠠᠷ ᠡᠳ᠋ᠯᠡᠬᠦ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ 941 ᠵᠦᠢᠯ ᠤᠨ ︽ᠦᠨᠡᠮᠯᠡᠯ ᠦᠵᠡᠬᠦ ᠦᠭᠡᠢ ᠪᠠᠷ ᠭᠦᠢᠴᠡᠳᠬᠡᠬᠦ︾ ᠵᠦᠢᠯᠡᠰ ᠢ ᠡᠮᠬᠢᠯᠡᠨ ᠨᠡᠶᠢᠲᠡᠯᠡᠵᠦ᠂ ᠡᠵᠡᠩᠨᠡᠯᠲᠡ ᠶᠢᠨ ᠦᠨᠡᠮᠯᠡᠯ᠂ ᠦᠯᠦ ᠬᠥᠳᠡᠯᠬᠦ ᠬᠥᠷᠥᠩᠭᠡ ᠶᠢᠨ ᠭᠡᠷᠡᠴᠢ ᠵᠡᠷᠭᠡ 130 ᠲᠦᠷᠦᠯ ᠤᠨ ᠥᠨᠳᠥᠷ ᠳᠠᠪᠲᠠᠮᠵᠢ ᠶᠢᠨ ᠦᠨᠡᠮᠯᠡᠯ ᠢ ᠲᠤᠰᠢᠶᠠᠬᠤ ᠠᠴᠠ ᠬᠡᠯᠲᠦᠷᠢᠭᠦᠯᠪᠡ᠃ 132 ᠵᠦᠢᠯ ᠤᠨ ᠳᠤᠲᠠᠭᠤ ᠶᠢ ᠠᠭᠤᠴᠢᠯᠠᠵᠤ ᠭᠥᠯᠢᠶᠡᠨ ᠠᠪᠴᠤ ᠰᠢᠢᠳᠪᠦᠷᠢᠯᠡᠬᠦ᠂ ᠢᠲᠡᠭᠡᠮᠵᠢ ᠶᠢ ᠬᠢᠨᠠᠨ ᠵᠥᠪᠰᠢᠶᠡᠷᠡᠬᠦ ᠵᠦᠢᠯᠡᠰ ᠤᠨ ᠲᠣᠳᠣᠷᠬᠠᠢ ᠬᠠᠭᠤᠳᠠᠰᠤ ᠶᠢ ᠡᠮᠬᠢᠯᠡᠨ ᠨᠡᠶᠢᠲᠡᠯᠡᠵᠦ᠂ ᠮᠠᠲ᠋ᠧᠷᠢᠶᠠᠯ ᠪᠡᠯᠡᠳᠬᠡᠬᠦ ᠳᠤ ᠳᠥᠭᠦᠮ ᠦᠭᠡᠢ ᠠᠰᠠᠭᠤᠳᠠᠯ ᠢ ᠪᠦᠲᠦᠮᠵᠢᠲᠡᠶ ᠪᠠᠷ ᠰᠢᠢᠳᠪᠦᠷᠢᠯᠡᠪᠡ᠃ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠨᠠᠷᠢᠯᠢᠭ ᠣᠨᠣᠪᠴᠢᠲᠠᠢ ᠦᠢᠯᠡᠴᠢᠯᠡᠭᠡ ᠶᠢ ᠬᠡᠷᠡᠭᠵᠢᠭᠦᠯᠵᠦ᠂ ᠮᠠᠨ ᠤ ᠬᠤᠲᠠ ᠶᠢᠨ 7 ᠨᠡᠭᠡᠭᠡᠯᠲᠡ ᠶᠢᠨ ᠲᠣᠭᠤᠷᠢᠭ ᠲᠤ ᠣᠳᠣᠬᠠᠨ ᠳᠤ ᠴᠥᠮ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠦᠢᠯᠡᠴᠢᠯᠡᠭᠡᠨ ᠤ ᠴᠡᠭ ︵ᠥᠷᠲᠡᠭᠡ︶ ᠭᠠᠷᠭᠠᠨ᠂ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠡᠩᠨᠡᠭᠡ ᠶᠢ ᠵᠣᠬᠢᠶᠠᠨ ᠪᠠᠶᠢᠭᠤᠯᠵᠤ᠂ ᠲᠥᠷᠥᠯ ᠵᠦᠢᠯ ᠢ ᠪᠠᠶᠢᠷᠢᠯᠠᠭᠤᠯᠤᠭᠰᠠᠨ ᠬᠦᠷᠢᠶᠡᠯᠡᠩ ᠲᠣᠭᠤᠷᠢᠭ ᠤᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃ 2 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠲᠠ ᠶᠢᠨ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠨᠡᠶᠢᠲᠡ 100 ᠭᠠᠷᠤᠢ ᠲᠥᠷᠥᠯ ᠵᠦᠢᠯ ᠳᠤ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠦᠢᠯᠡᠴᠢᠯᠡᠭᠡ ᠬᠠᠩᠭᠠᠵᠤ᠂ ᠲᠣᠮᠣ ᠳ᠋ᠠᠶᠢᠲ᠋ᠠ᠂ ᠪᠠᠷᠠᠭᠠᠨ ᠤ ᠭᠦᠢᠯᠭᠡᠭᠡ᠂ ᠵᠢᠭᠤᠯᠴᠢᠯᠠᠯ ᠪᠠ ᠲᠣᠨᠤᠭ ᠲᠥᠬᠦᠭᠡᠷᠦᠮᠵᠢ ᠦᠶᠯᠡᠳᠬᠦ ᠵᠡᠷᠭᠡ ᠠᠵᠤ ᠦᠢᠯᠡᠰ ᠲᠤ ᠬᠤᠯᠪᠣᠭᠳᠠᠭᠰᠠᠨ ᠪᠠᠶᠢᠨ᠎ᠠ᠃ 1—2 ᠳ᠋ᠤᠭᠠᠷ ᠰᠠᠷ᠎ᠠ ᠳᠤ᠂ ᠪᠥᠬᠦ ᠬᠤᠲᠠ ᠪᠠᠷ ᠢᠶᠠᠨ ᠠᠵᠤ ᠠᠬᠤᠶᠢᠯᠠᠯ ᠣᠯᠠᠨ ᠲᠦᠮᠡᠨ ᠳᠤ ᠨᠡᠶᠢᠲᠡ 1200 ᠭᠠᠷᠤᠢ ᠤᠳᠠᠭ᠎ᠠ ᠬᠠᠪᠰᠤᠷᠤᠨ ᠭᠦᠢᠴᠡᠳᠬᠡᠬᠦ᠂ ᠵᠢᠭᠠᠨ ᠵᠢᠯᠤᠭᠤᠳᠬᠤ᠂ ᠵᠣᠬᠢᠴᠠᠭᠤᠯᠬᠤ ᠵᠡᠷᠭᠡ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠭᠰᠠᠨ ᠪᠠᠶᠢᠨ᠎ᠠ᠃      ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠥᠭᠵᠢᠯᠲᠡ ᠶᠢᠨ  ᠠᠮᠢᠵᠢᠷᠠᠯ ᠤᠨ ᠬᠦᠴᠦᠨ ᠢ ᠬᠥᠭᠵᠢᠭᠡᠪᠡ᠃ 2 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠲᠠ ᠶᠢᠨ ᠳᠠᠩᠰᠠᠯᠠᠭᠤᠯᠤᠭᠰᠠᠨ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ 35.16 ᠲᠦᠮᠡ ᠳᠤ ᠬᠦᠷᠴᠦ᠂ ᠡᠭᠦᠨ ᠳᠤ ᠳᠠᠩᠰᠠᠯᠠᠭᠤᠯᠤᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 22.22 ᠲᠦᠮᠡ᠂ ᠰᠢᠨ᠎ᠡ ᠪᠠᠷ ᠳᠠᠩᠰᠠᠯᠠᠭᠤᠯᠤᠭᠰᠠᠨ ᠵᠠᠬ᠎ᠠ ᠳᠡᠯᠭᠡᠭᠦᠷ ᠤᠨ ᠪᠡᠶᠡᠴᠢ ᠴᠣᠭᠴᠠ 3658 ᠬᠦᠷᠴᠦ᠂ ᠠᠳᠠᠯᠢ ᠬᠤᠭᠤᠴᠠᠭᠠᠨ ᠤ ᠬᠢ ᠠᠴᠠ 49.98% ᠪᠠᠷ ᠨᠡᠮᠡᠭᠳᠡᠪᠡ᠃ ᠣᠲᠣ ᠪᠣᠯᠲᠠᠯ᠎ᠠ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠨᠢ 5.46 ᠲᠦᠮᠡᠨ ᠰᠢᠨ᠎ᠡ ᠪᠠᠷ ᠳᠠᠩᠰᠠᠯᠠᠭᠤᠯᠤᠭᠰᠠᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠠᠰᠢᠭ ᠬᠦᠷᠲᠡᠭᠡᠵᠦ᠂ 2.31 ᠲᠦᠮᠡᠨ ᠬᠤᠪᠢ ᠮᠡᠳᠡᠭᠳᠡᠵᠦ ᠠᠮᠠᠯᠠᠭᠤᠯᠵᠤ᠂ 4.03 ᠲᠦᠮᠡᠨ ᠬᠤᠪᠢ ᠬᠢᠨᠠᠨ ᠵᠥᠪᠰᠢᠶᠡᠷᠡᠯ ᠢ ᠰᠢᠭᠤᠳ ᠬᠦᠴᠦᠨ ᠦᠭᠡᠢ ᠪᠣᠯᠭᠠᠵᠤ᠂ 18.1 ᠲᠦᠮᠡᠨ ᠬᠤᠪᠢ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠦᠢᠯᠡᠴᠢᠯᠡᠭᠡ ᠶᠢ ᠰᠢᠯᠢᠳᠡᠭᠵᠢᠭᠦᠯᠪᠡ᠃ ︽ᠬᠥᠮᠥᠨ ᠤ ᠬᠦᠴᠦᠨ ᠦᠭᠡᠢ ᠣᠶᠣᠨᠴᠢ ᠬᠢᠨᠠᠨ ᠵᠥᠪᠰᠢᠶᠡᠷᠡᠯ︾ ᠢ ᠨᠡᠭᠡᠭᠡᠨ ᠡᠷᠬᠢᠯᠡᠵᠦ᠂ ᠳᠡᠩᠰᠡᠯᠡᠵᠦ ᠬᠢᠨᠠᠨ ᠵᠥᠪᠰᠢᠶᠡᠷᠡᠬᠦ ᠣᠶᠣᠨᠴᠢ ᠴᠢᠳᠠᠮᠵᠢ ᠪᠠᠷ ᠳᠠᠮᠵᠢᠭᠤᠯᠤᠨ᠂ ᠣᠳᠣᠬᠠᠨ ᠳᠤ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ 3074 ᠪᠠᠶᠢᠭᠤᠯᠵᠤ ᠳᠠᠩᠰᠠᠯᠠᠭᠤᠯᠪᠠ᠃      ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠥᠷᠢᠲᠦᠭᠰᠡᠨ ᠵᠣᠭᠤᠰ ᠢ ᠲᠥᠯᠥᠵᠦ ᠳᠠᠭᠤᠰᠬᠠᠬᠤ ᠶᠢ ᠲᠦᠯᠬᠢᠨ ᠠᠬᠢᠭᠤᠯᠵᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠪᠡ᠃ ᠠᠷᠠᠳ ᠠᠴᠠ ᠡᠵᠡᠩᠨᠡᠯᠲᠡ ᠶᠢᠨ ᠠᠵᠤ ᠠᠬᠤᠶᠢᠯᠠᠯ ᠳᠤ ᠵᠣᠭᠤᠰ ᠥᠷᠢᠲᠦᠬᠦ ᠶᠢ ᠰᠡᠷᠭᠡᠶᠢᠯᠡᠬᠦ ᠪᠠ ᠢᠯᠭᠠᠷᠠᠭᠤᠯᠬᠤ ᠲᠣᠭᠲᠠᠴᠠ ᠶᠢ ᠪᠦᠷᠢᠨᠰᠢᠭᠦᠯᠵᠦ᠂ ᠠᠷᠠᠳ ᠠᠴᠠ ᠡᠵᠡᠩᠨᠡᠯᠲᠡ ᠶᠢᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠵᠣᠭᠤᠰ ᠢ ᠲᠥᠯᠥᠬᠦ ᠠᠬᠢᠴᠠ ᠶᠢ ᠠᠬᠢᠭᠤᠯᠵᠤ᠂ ᠡᠯ᠎ᠡ ᠬᠠᠮᠢᠶ᠎ᠠ ᠪᠦᠬᠦᠢ ᠨᠢᠭᠡᠴᠡ ᠪᠣᠯᠣᠨ ᠬᠤᠰᠢᠭᠤ ᠰᠢᠶᠠᠨ ᠲᠣᠭᠤᠷᠢᠭ ᠤᠨ ᠮᠠᠷᠭᠤᠭᠠᠨ ᠦᠭᠡᠢ ᠥᠷᠢ ᠶᠢ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠲᠥᠯᠥᠵᠦ ᠳᠠᠭᠤᠰᠬᠠᠬᠤ ᠶᠢ ᠱᠠᠭᠠᠷᠳᠠᠵᠤ᠂ 2023 ᠣᠨ ᠠᠴᠠ ᠡᠮᠦᠨ᠎ᠡ ᠪᠣᠶ ᠪᠣᠯᠤᠭᠰᠠᠨ ᠮᠠᠷᠭᠤᠭᠠᠨ ᠦᠭᠡᠢ ᠥᠷᠢ ᠶᠢ 4 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠲᠥᠯᠥᠵᠦ ᠳᠠᠭᠤᠰᠬᠠᠨ᠎ᠠ᠃ 2 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠲᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ 4.62 ᠳ᠋ᠦᠩᠰᠢᠭᠤᠷ ᠲᠥᠭᠦᠷᠢᠭ ᠥᠷᠢᠲᠦᠵᠦ᠂ ᠵᠠᠰᠠᠭ ᠵᠠᠬᠢᠷᠭᠠᠨ ᠤ ᠵᠡᠷᠭᠡ ᠪᠠᠷ ᠬᠤᠪᠢᠶᠠᠪᠠᠯ᠄ ᠬᠤᠲᠠ ᠶᠢᠨ ᠲᠣᠰ ᠱᠠᠲᠤ 0.22 ᠳ᠋ᠦᠩᠰᠢᠭᠤᠷ ᠲᠥᠭᠦᠷᠢᠭ᠂ ᠬᠤᠰᠢᠭᠤ ᠰᠢᠶᠠᠨ ᠲᠣᠭᠤᠷᠢᠭ 4.4 ᠳ᠋ᠦᠩᠰᠢᠭᠤᠷ ᠲᠥᠭᠦᠷᠢᠭ︔ ᠮᠠᠷᠭᠤᠭᠠᠨ ᠤ ᠪᠠᠶᠢᠳᠠᠯ ᠢᠶᠠᠷ ᠨᠢ ᠬᠤᠪᠢᠶᠠᠪᠠᠯ᠄ ᠮᠠᠷᠭᠤᠭᠠᠨ ᠦᠭᠡᠢ ᠥᠷᠢ 3.01 ᠳ᠋ᠦᠩᠰᠢᠭᠤᠷ ᠲᠥᠭᠦᠷᠢᠭ᠂ ᠮᠠᠷᠭᠤᠭᠠᠨ ᠲᠠᠢ ᠥᠷᠢ 1.61 ᠳ᠋ᠦᠩᠰᠢᠭᠤᠷ ᠲᠥᠭᠦᠷᠢᠭ ᠪᠠᠶᠢᠨ᠎ᠠ᠃ ᠣᠲᠣ ᠪᠣᠯᠲᠠᠯ᠎ᠠ᠂ ᠨᠢᠭᠡᠨᠲᠡ ᠲᠥᠯᠥᠵᠦ ᠳᠠᠭᠤᠰᠬᠠᠭᠰᠠᠨ ᠪᠠ ᠬᠠᠷᠭᠤᠭᠤᠯᠤᠨ ᠳᠠᠩᠰᠠᠨ ᠠᠴᠠ ᠬᠠᠰᠤᠭᠰᠠᠨ ᠮᠠᠷᠭᠤᠭᠠᠨ ᠦᠭᠡᠢ ᠥᠷᠢ 0.85 ᠳ᠋ᠦᠩᠰᠢᠭᠤᠷ ᠲᠥᠭᠦᠷᠢᠭ ᠬᠦᠷᠴᠡᠢ᠃      ᠪᠦᠬᠦ ᠬᠦᠴᠦᠨ ᠢᠶᠠᠷ ᠠᠵᠢᠯ ᠣᠯᠭᠤᠯᠲᠠ ᠶᠢ ᠠᠬᠢᠭᠤᠯᠵᠤ ᠠᠷᠠᠳ ᠤᠨ ᠠᠮᠢᠳᠤᠷᠠᠯ ᠢ ᠪᠠᠲᠤᠯᠠᠵᠤ ︽ᠦᠢᠯᠡᠰ ᠪᠣᠰᠬᠠᠬᠤ ᠳᠤ ᠲᠣᠬᠢᠷᠠᠮᠵᠢᠲᠠᠢ︾ ᠬᠤᠳᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠪᠡ᠃ 2 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠲᠠ ᠶᠢᠨ ᠬᠤᠲᠠ ᠪᠠᠯᠭᠠᠰᠤᠨ ᠳᠤ ᠨᠡᠶᠢᠲᠡ 1.22 ᠲᠦᠮᠡᠨ ᠬᠥᠮᠥᠨ ᠰᠢᠨ᠎ᠡ ᠪᠠᠷ ᠠᠵᠢᠯ ᠣᠯᠵᠤ᠂ ᠡᠭᠦᠷᠭᠡ ᠬᠠᠷᠠᠯᠲᠠ ᠶᠢᠨ 20.34% ᠶᠢ ᠪᠡᠶᠡᠯᠡᠭᠦᠯᠵᠡᠢ᠃ ᠡᠭᠦᠨ ᠤ ᠳᠣᠲᠣᠷ᠎ᠠ᠂ ᠠᠵᠢᠯ ᠠᠯᠳᠠᠭᠰᠠᠨ 3383 ᠬᠥᠮᠥᠨ ᠲᠠᠬᠢᠨ ᠠᠵᠢᠯ ᠣᠯᠵᠤ᠂ ᠠᠵᠢᠯ ᠣᠯᠬᠤ ᠳᠤ ᠬᠦᠴᠢᠷᠲᠡᠢ 1167 ᠬᠥᠮᠥᠨ ᠠᠵᠢᠯ ᠣᠯᠪᠠ᠃ 5496 ᠣᠶᠤᠲᠠᠨ ᠬᠥᠬᠡᠬᠤᠲᠠ ᠳᠤ ᠦᠯᠡᠳᠡᠨ ᠠᠵᠢᠯ ᠣᠯᠵᠤ ᠠᠳᠠᠯ ᠦᠢᠯᠡᠰ ᠴᠣᠭᠴᠠᠯᠠᠵᠤ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠰᠢᠯᠵᠢᠵᠦ ᠠᠵᠢᠯ ᠣᠯᠣᠭᠰᠠᠨ ᠬᠡᠪᠴᠢᠶ᠎ᠡ 21.98 ᠲᠦᠮᠡᠨ ᠬᠥᠮᠥᠨ ᠳᠤ ᠬᠥᠷᠪᠡ᠃ ᠣᠲᠣ ᠪᠣᠯᠲᠠᠯ᠎ᠠ᠂ ᠪᠥᠬᠦ ᠬᠤᠲᠠ ᠠᠴᠠ ᠡᠯ᠎ᠡ ᠲᠥᠷᠥᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠵᠢᠯᠲᠠᠨ ᠡᠯᠰᠡᠬᠦ ᠴᠤᠭᠯᠠᠭᠠᠨ ᠢ 31 ᠤᠳᠠᠭ᠎ᠠ ᠡᠷᠭᠢᠯᠡᠵᠦ᠂ ᠨᠡᠶᠢᠲᠡ 5.4 ᠲᠦᠮᠡᠨ ᠤᠳᠠᠭᠠᠨ ᠤ ᠠᠵᠢᠯ ᠤᠨ ᠪᠠᠶᠢᠷᠢ ᠬᠠᠩᠭᠠᠵᠤ᠂ 5600 ᠬᠥᠮᠥᠨ ᠤ ᠠᠵᠢᠯ ᠣᠯᠬᠤ ᠪᠠᠷ ᠠᠩᠬ᠎ᠠ ᠠᠯᠬᠤᠮ ᠰᠠᠨᠠᠯ ᠲᠣᠬᠢᠷᠠᠭᠤᠯᠪᠠ᠃ ︽ᠭᠠᠳᠠᠭᠰᠢ ᠭᠠᠷᠬᠤ︾ ︽ᠤᠷᠢᠵᠤ ᠠᠪᠴᠢᠷᠠᠬᠤ︾ ᠴᠢᠳᠠᠪᠤᠷᠢᠲᠠᠨ ᠡᠯᠰᠡᠬᠦ ᠬᠡᠯᠪᠡᠷᠢ ᠪᠠᠷ ᠳᠠᠮᠵᠢᠭᠤᠯᠤᠨ᠂ ᠦᠬᠠᠨ᠂ ᠰᠢ ᠠᠨ ᠳᠤ ᠬᠦᠷᠴᠦ ᠣᠷᠣᠨ ᠤ ᠭᠠᠳᠠᠨᠠᠬᠢ ᠶᠡᠭᠡ ᠳᠡᠭᠡᠳᠦ ᠰᠤᠷᠭᠠᠭᠤᠯᠢ ᠶᠢᠨ ᠠᠵᠢᠯᠲᠠᠨ ᠡᠯᠰᠡᠬᠦ ᠴᠤᠭᠯᠠᠭᠠᠨ ᠢ ᠵᠣᠬᠢᠶᠠᠨ ᠪᠠᠶᠢᠭᠤᠯᠤᠨ ᠣᠷᠣᠯᠴᠠᠵᠤ᠂ ᠳ᠋ᠣᠺᠲ᠋ᠣᠷ᠂ ᠮᠠᠰᠲ᠋ᠧᠷ ᠵᠡᠷᠭᠡ ᠰᠢᠯᠢᠳᠡᠭ ᠠᠵᠢᠯ ᠤᠨ ᠪᠠᠶᠢᠷᠢ ᠨᠡᠶᠢᠲᠡ 583 ᠬᠠᠩᠭᠠᠨ 94 ᠵᠦᠢᠯ ᠤᠨ ᠲᠤᠰᠢᠶᠠᠯ ᠳᠤ ᠬᠤᠯᠪᠣᠭᠳᠠᠵᠤ᠂ ᠦᠬᠠᠨ᠂ ᠰᠢ ᠠᠨ ᠬᠤᠶᠠᠷ ᠭᠠᠵᠠᠷ ᠤᠨ 18 ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠣᠷᠣᠭᠴᠢ ᠠᠵᠢᠯᠲᠠᠨ ᠡᠯᠰᠡᠬᠦ ᠴᠤᠭᠯᠠᠭᠠᠨ ᠳᠤ ᠣᠷᠣᠯᠴᠠᠵᠤ᠂ 567 ᠬᠥᠮᠥᠨ ᠠᠵᠢᠯ ᠣᠯᠬᠤ ᠪᠠᠷ ᠠᠩᠬ᠎ᠠ ᠠᠯᠬᠤᠮ ᠰᠠᠨᠠᠯ ᠲᠣᠬᠢᠷᠠᠪᠠ᠃ ᠣᠲᠣ ᠪᠣᠯᠲᠠᠯ᠎ᠠ᠂ ᠪᠥᠬᠦ ᠬᠤᠲᠠ ᠨᠡᠶᠢᠲᠡ 1487 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠲᠠᠯᠪᠢᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号