| | ︵ᠰᠤᠷᠪᠤᠯᠵᠢᠯᠠᠭᠴᠢ ᠯᠢᠦ ᠯᠢ ᠰᠢᠶᠠ︶ ︽ᠮᠣᠳᠣ ᠳᠠᠷᠢᠬᠤ ᠠᠯᠪᠠ ᠪᠠᠨ ᠭᠦᠢᠴᠡᠳᠬᠡᠵᠦ ᠦᠵᠡᠰᠬᠦᠯᠡᠩᠲᠦ | ᠰᠠᠶᠢᠬᠠᠨ ᠳᠤᠮᠳᠠᠳᠤ ᠤᠯᠤᠰ ᠢ ᠬᠠᠮᠲᠤ ᠪᠠᠷ ᠪᠦᠲᠦᠭᠡᠨ ᠪᠠᠶᠢᠭᠤᠯᠤᠨ᠎ᠠ︾᠃ 3 ᠳ᠋ᠤᠭᠠᠷ ᠰᠠᠷ᠎ᠠ ᠶᠢᠨ 12 ᠤᠨ ᠡᠳᠦᠷ | ᠂ ᠥᠪᠡᠷᠲᠡᠭᠡᠨ ᠵᠠᠰᠠᠬᠤ ᠣᠷᠣᠨ ᠤ ᠨᠣᠭᠤᠭᠠᠷᠠᠭᠤᠯᠤᠯᠲᠠ ᠶᠢᠨ ᠠᠵᠢᠯ ᠤᠨ ᠠᠯᠪᠠᠨ ᠭᠡᠷ ᠪᠣᠯᠣᠨ ᠬᠥᠬᠡᠬᠤᠲᠠ ᠶᠢᠨ | ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠠᠮᠲᠤᠷᠠᠨ ᠡᠷᠭᠢᠯᠡᠭᠰᠡᠨ 3 · 12 ᠤᠨ ᠮᠣᠳᠣ ᠳᠠᠷᠢᠬᠤ | ᠪᠠᠶᠠᠷ ᠤᠨ ᠤᠬᠠᠭᠤᠯᠭ᠎ᠠ ᠶᠢᠨ ᠠᠵᠢᠯᠯᠠᠭ᠎ᠠ ᠰᠢᠨ᠎ᠡ ᠬᠤᠲᠠ ᠲᠣᠭᠤᠷᠢᠭ ᠤᠨ ᠰᠣᠶᠣᠯᠠᠯ ᠲᠠᠯᠠᠪᠠᠶ ᠳᠤ ᠶᠠᠪᠤᠭᠳᠠᠪᠠ᠃ | ᠲᠤᠰ ᠡᠳᠦᠷ᠂ ᠬᠤᠪᠢᠶᠠᠷᠢ ᠬᠤᠷᠠᠯ ᠤᠨ ᠲᠠᠯᠠᠪᠠᠢ ᠶᠢᠨ ᠠᠵᠢᠯᠯᠠᠭ᠎ᠠ ᠨᠢ ᠬᠤᠲᠣᠩ ᠠᠷᠠᠳ ᠤᠨ ᠲᠣᠭᠤᠷᠢᠭ ᠤᠨ ᠴᠢᠩ | ᠴᠧᠩ ᠴᠡᠴᠡᠷᠯᠢᠭ ᠤᠨ ᠡᠮᠦᠨ᠎ᠡ ᠡᠭᠦᠳᠡ᠂ ᠢᠦᠢ ᠴᠢᠤᠸᠠᠨ ᠲᠣᠭᠤᠷᠢᠭ ᠤᠨ ᠶᠡᠭᠡ ᠵᠤᠤ ᠲᠠᠯᠠᠪᠠᠢ᠂ ᠰᠠᠶᠢᠬᠠᠨ | ᠲᠣᠭᠤᠷᠢᠭ ᠤᠨ ᠸᠠᠨ ᠳ᠋ᠠ ᠲᠠᠯᠠᠪᠠᠢ ᠳᠤ ᠲᠤᠰ ᠲᠤᠰ ᠶᠠᠪᠤᠭᠳᠠᠪᠠ᠃ | ᠲᠤᠬᠠᠢ ᠶᠢᠨ ᠡᠳᠦᠷ ᠤᠨ ᠦᠳᠡ ᠶᠢᠨ ᠡᠮᠦᠨ᠎ᠡ᠂ ᠭᠤᠣᠯ ᠬᠤᠷᠠᠯ ᠤᠨ ᠲᠠᠯᠠᠪᠠᠶ ᠳᠤ ᠤᠷᠠᠨ ᠰᠠᠶᠢᠬᠠᠨ ᠤ | ᠬᠠᠮᠲᠤᠷᠠᠭᠰᠠᠨ ᠲᠣᠭᠯᠠᠯᠲᠠ ᠭᠠᠷᠭᠠᠵᠤ᠂ ᠤᠬᠠᠭᠤᠯᠭ᠎ᠠ ᠶᠢᠨ ᠰᠠᠮᠪᠠᠷ᠎ᠠ ᠭᠠᠷᠭᠠᠵᠤ᠂ ︽ᠬᠥᠬᠡ ᠬᠤᠲᠠ ᠶᠢᠨ ᠡᠷᠲᠡᠨ ᠤ | ᠮᠣᠳᠣ︾ ᠬᠡᠷᠡᠯ ᠵᠢᠷᠤᠭ ᠤᠨ ᠦᠵᠡᠰᠬᠦᠯᠡᠩ ᠡᠷᠭᠢᠯᠡᠵᠦ᠂ ᠠᠯᠪᠠᠨ ᠵᠢᠷᠤᠮ ᠤᠨ ᠮᠣᠳᠣ ᠳᠠᠷᠢᠬᠤ ᠤᠬᠠᠭᠤᠯᠭ᠎ᠠ ᠶᠢᠨ | ᠹᠢᠯᠢᠮ ᠢ ᠨᠠᠪᠲᠠᠷᠡᠭᠦᠯᠵᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠶᠢᠨ ᠬᠠᠮᠲᠤ ᠬᠤᠲᠠ ᠶᠢᠨ ᠠᠷᠠᠳ ᠲᠤ | ᠦᠨ᠎ᠡ ᠲᠥᠯᠥᠪᠦᠷᠢ ᠦᠭᠡᠢ ᠪᠠᠷ ᠰᠠᠷᠠᠨᠠᠢ ᠴᠡᠴᠡᠭ᠂ ᠲᠣᠷᠤᠭ ᠰᠠᠷᠠᠨ᠎ᠠ ᠵᠡᠷᠭᠡ ᠴᠡᠴᠡᠭ ᠤᠨ ᠴᠢᠬᠢ᠂ ᠴᠡᠴᠡᠭ ᠤᠨ | ᠰᠢᠷᠣᠢ ᠵᠢᠴᠢ ᠴᠡᠴᠡᠭ ᠤᠨ ᠪᠣᠷᠳᠣᠭᠤᠷ ᠬᠦᠷᠭᠡᠪᠡ᠃ | ᠲᠠᠨᠢᠯᠴᠠᠭᠤᠯᠤᠭᠰᠠᠨ ᠢᠶᠠᠷ᠂ ᠮᠠᠨ ᠤ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠴᠥᠮ ᠣᠯᠠᠨ | ᠶᠠᠩᠵᠤ ᠶᠢᠨ ᠬᠡᠯᠪᠡᠷᠢ ᠶᠢᠨ ᠮᠣᠳᠣ ᠳᠠᠷᠢᠬᠤ ᠪᠠᠶᠠᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ︽ | ᠳᠥᠷᠪᠡ ᠶᠢ ᠣᠷᠣᠭᠤᠯᠬᠤ︾ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠤᠬᠠᠭᠤᠯᠭ᠎ᠠ ᠶᠢᠨ ᠬᠦᠷᠢᠶ᠎ᠡ | ᠬᠡᠪᠴᠢᠶ᠎ᠡ ᠪᠠᠨ ᠥᠷᠭᠡᠳᠬᠡᠵᠡᠢ᠃ ᠨᠡᠶᠢᠭᠡᠮ ᠲᠣᠭᠤᠷᠢᠭ ᠲᠤ ᠣᠷᠣᠵᠤ᠂ ᠵᠠᠷᠯᠠᠯ ᠨᠠᠭᠠᠬᠤ᠂ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠬᠤ᠂ ᠨᠣᠭᠤᠭᠠᠷᠠᠭᠤᠯᠤᠯᠲᠠ ᠶᠢᠨ ᠮᠡᠳᠡᠯᠭᠡ ᠶᠢᠨ ᠲᠠᠶᠢᠯᠤᠮᠵᠢ ᠬᠢᠬᠦ᠂ ᠠᠯᠪᠠᠨ ᠵᠢᠷᠤᠮ ᠤᠨ ᠮᠣᠳᠣ | ᠳᠠᠷᠢᠬᠤ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ᠂ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠣᠭᠤᠭᠠᠨ ᠢ ᠠᠷᠠᠳ | ᠣᠯᠠᠨ ᠳᠤ ᠣᠶᠢᠷᠠᠲᠤᠭᠤᠯᠵᠤ᠂ ᠣᠯᠠᠨ ᠲᠦᠮᠡᠨ ᠳᠤ ᠨᠣᠭᠤᠭᠠᠨ ᠳᠤ ᠣᠶᠢᠷᠠᠲᠤᠭᠤᠯᠪᠠ᠃ ᠰᠤᠷᠭᠠᠭᠤᠯᠢ ᠶᠢᠨ | ᠬᠦᠷᠢᠶᠡᠨ ᠳᠤ ᠣᠷᠣᠵᠤ᠂ ︽ᠨᠣᠭᠤᠭᠠᠨ ᠥᠩᠭᠡ ᠶᠢᠨ ᠡᠳᠦᠷ ᠤᠨ ᠲᠡᠮᠳᠡᠭᠯᠡᠯ ᠤᠨ ᠳᠡᠪᠲᠡᠷ︾ ︽ᠨᠣᠭᠤᠭᠠᠨ | ᠥᠩᠭᠡ ᠶᠢᠨ ᠨᠣᠮ ᠤᠨ ᠱᠣᠰᠢᠭ᠎ᠠ︾ ︽ᠨᠣᠭᠤᠭᠠᠷᠠᠭᠤᠯᠤᠯᠲᠠ ᠶᠢᠨ ᠤᠬᠠᠭᠤᠯᠭ᠎ᠠ ᠶᠢᠨ ᠭᠠᠷ ᠳᠡᠪᠲᠡᠷ︾ ᠲᠠᠷᠬᠠᠭᠠᠵᠤ | ᠂ ︽ᠮᠣᠳᠣ ᠳᠠᠷᠢᠬᠤ ᠪᠠᠶᠠᠷ ᠤᠨ ᠭᠤᠣᠯ ᠰᠡᠳᠦᠪᠲᠦ ᠠᠩᠭᠢ ᠶᠢᠨ ᠬᠤᠷᠠᠯ︾ ︽ᠨᠣᠭᠤᠭᠠᠨ ᠭᠠᠷ ᠪᠢᠴᠢᠯᠭᠡ ᠶᠢᠨ | ᠰᠣᠨᠢᠨ ᠤ ᠤᠷᠤᠯᠳᠤᠭᠠᠨ︾ ︽ᠪᠠᠭ᠎ᠠ ᠨᠢ ᠶᠡᠭᠡ ᠪᠠᠨ ᠬᠥᠲᠥᠯᠬᠦ ︱ ᠨᠣᠭᠤᠭᠠᠷᠠᠭᠤᠯᠤᠯᠲᠠ ᠶᠢ ᠬᠠᠮᠠᠭᠠᠯᠠᠬᠤ | ᠠᠵᠢᠯᠯᠠᠭ᠎ᠠ︾ ᠥᠷᠨᠢᠭᠦᠯᠬᠦ ᠵᠡᠷᠭᠡ ᠠᠷᠭ᠎ᠠ ᠮᠠᠶ᠋ᠢᠭ ᠢ ᠠᠪᠴᠤ᠂ ᠰᠣᠷᠣᠭᠴᠢ᠂ ᠭᠡᠷ ᠪᠦᠯᠢ᠂ ᠰᠤᠷᠭᠠᠭᠤᠯᠢ ᠶᠢᠨ | ᠬᠦᠷᠢᠶᠡᠨ ᠤ ᠦᠢᠯᠡᠳᠦᠯᠴᠡᠯ ᠢ ᠪᠡᠶᠡᠯᠡᠭᠦᠯᠵᠦ᠂ ᠨᠣᠭᠤᠭᠠᠷᠠᠭᠤᠯᠤᠯᠲᠠ ᠶᠢ ᠡᠷᠬᠢᠮᠯᠡᠬᠦ᠂ ᠨᠣᠭᠤᠭᠠᠷᠠᠭᠤᠯᠤᠯᠲᠠ ᠶᠢ | ᠬᠠᠮᠠᠭᠠᠯᠠᠬᠤ ᠪᠣᠬᠢᠷᠳᠤᠯ ᠦᠭᠡᠢ ᠪᠣᠯᠪᠠᠰᠤᠨ ᠤ ᠰᠢᠨ᠎ᠡ ᠬᠡᠪ ᠰᠤᠷᠲᠠᠯ ᠢ ᠪᠣᠶ ᠪᠣᠯᠭᠠᠪᠠ᠃ ᠪᠠᠶᠢᠭᠤᠯᠤᠯᠭ᠎ᠠ᠂ ᠠᠵᠤ | ᠠᠬᠤᠶᠢᠯᠠᠯ ᠳᠤ ᠣᠷᠣᠵᠤ᠂ ︽ᠢᠨᠲ᠋ᠧᠷ ᠰᠦᠯᠵᠢᠶ᠎ᠡ + ᠠᠯᠪᠠᠨ ᠵᠢᠷᠤᠮ ᠤᠨ ᠮᠣᠳᠣ ᠳᠠᠷᠢᠬᠤ︾ ︽ᠨᠤᠲᠤᠭ | ᠤᠰᠤ ᠪᠠᠨ ᠬᠠᠶᠢᠷᠠᠯᠠᠵᠤ᠂ ᠬᠥᠬᠡ ᠬᠤᠲᠠ ᠪᠠᠨ ᠨᠣᠭᠤᠭᠠᠷᠠᠭᠤᠯᠬᠤ︾ ᠳᠤᠷᠠᠰᠬᠠᠯ ᠤᠨ ᠣᠶ ᠶᠢᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ᠂ ︽ᠠᠯᠪᠠᠨ ᠵᠢᠷᠤᠮ ᠤᠨ ᠮᠣᠳᠣ ᠳᠠᠷᠢᠬᠤ 8 ᠶᠡᠭᠡ ᠲᠥᠷᠥᠯ ᠤᠨ | ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ︾ ᠵᠡᠷᠭᠡ ᠶᠢᠨ ᠲᠣᠭᠤᠷᠢᠨ ᠳᠤ᠂ ᠣᠯᠠᠨ ᠶᠠᠩᠵᠤ ᠬᠡᠯᠪᠡᠷᠢ ᠲᠠᠢ | ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠤᠨ ᠣᠨᠴᠠᠯᠢᠭ ᠲᠠᠢ ᠠᠯᠪᠠᠨ | ᠵᠢᠷᠤᠮ ᠤᠨ ᠮᠣᠳᠣ ᠳᠠᠷᠢᠬᠤ ᠨᠠᠷᠠᠲᠤ ᠲᠥᠷᠥᠯ ᠲᠡᠮᠳᠡᠭᠲᠦ ᠶᠢ ᠢᠳᠡᠪᠬᠢᠲᠡᠢ ᠪᠠᠷ ᠪᠣᠶ ᠪᠣᠯᠭᠠᠪᠠ᠃ ᠬᠥᠳᠡᠭᠡ | ᠲᠣᠰᠬᠤᠨ ᠳᠤ ᠣᠷᠣᠵᠤ᠂ ᠨᠡᠭᠦᠳᠡᠯ ᠤᠬᠠᠭᠤᠯᠭ᠎ᠠ ᠶᠢᠨ ᠲᠡᠷᠭᠡ᠂ ᠲᠣᠰᠬᠤᠨ ᠪᠣᠯᠭᠠᠨ ᠳᠤ ᠷᠠᠳᠢᠣ᠋ ᠨᠡᠪᠲᠡᠷᠡᠭᠦᠯᠭᠡ | ᠨᠡᠪᠲᠡᠷᠡᠭᠦᠯᠬᠦ᠂ ᠵᠠᠷᠯᠠᠯ ᠨᠠᠭᠠᠬᠤ ᠵᠡᠷᠭᠡ ᠠᠷᠭ᠎ᠠ ᠬᠡᠯᠪᠡᠷᠢ ᠪᠠᠷ ᠲᠣᠰᠬᠤᠨ ᠤ ᠠᠷᠠᠳ ᠢ ᠳᠠᠶᠢᠴᠢᠯᠠᠨ ᠠᠶᠢᠯ | ᠲᠣᠰᠬᠤᠨ ᠢ ᠨᠣᠭᠤᠭᠠᠷᠠᠭᠤᠯᠬᠤ᠂ ᠭᠡᠷ ᠪᠠᠶᠢᠰᠢᠩ ᠤᠨ ᠡᠮᠦᠨ᠎ᠡ ᠬᠤᠶᠢᠨ᠎ᠠ ᠪᠠ ᠬᠦᠷᠢᠶ᠎ᠡ ᠬᠠᠰᠢᠶ᠎ᠠ ᠶᠢ | ᠨᠣᠭᠤᠭᠠᠷᠠᠭᠤᠯᠬᠤ ᠠᠵᠢᠯ ᠥᠷᠨᠢᠭᠦᠯᠵᠦ᠂ ᠡᠷᠲᠡᠨ ᠤ ᠮᠣᠳᠣ ᠨᠡᠷᠡᠳᠦ ᠮᠣᠳᠣᠨ ᠤ ᠬᠠᠮᠠᠭᠠᠯᠠᠯᠲᠠ ᠶᠢ ᠴᠢᠩᠭᠠᠳᠬᠠᠵᠤ᠂ | ᠪᠡᠯᠴᠢᠭᠡᠷᠯᠡᠭᠦᠯᠬᠦ ᠶᠢ ᠴᠠᠭᠠᠵᠠᠯᠠᠵᠤ ᠭᠠᠯ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠤᠢ ᠰᠢᠭᠤᠢ ᠶᠢᠨ | ᠤᠷᠭᠤᠮᠠᠯ ᠤᠨ ᠬᠤᠴᠢᠯᠭ᠎ᠠ ᠶᠢ ᠬᠠᠮᠠᠭᠠᠯᠠᠪᠠ᠃ |