ᠾᠧ ᠬᠠᠢ ᠳ᠋ᠦᠩ ︽ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠮᠠᠨ ᠤ ᠬᠤᠲᠠ ᠶᠢᠨ ᠪᠥᠬᠦ ᠤᠯᠤᠰ ᠤᠨ | ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠰᠢᠮᠳᠠᠭᠤᠯᠤᠨ ᠪᠠᠶᠢᠴᠠᠭᠠᠪᠠ | ︵ᠰᠤᠷᠪᠤᠯᠵᠢᠯᠠᠭᠴᠢ ᠠᠷᠢᠭᠤᠨ᠎ᠠ︶ 3 ᠳ᠋ᠤᠭᠠᠷ ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ︽ᠳᠥᠷᠪᠡᠨ ᠦᠭᠡᠢ ᠬᠤᠶᠠᠷ ᠰᠢᠭᠤᠳ︾ | ᠬᠡᠯᠪᠡᠷᠢ ᠪᠠᠷ ᠮᠠᠨ ᠤ ᠬᠤᠲᠠ ᠶᠢᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ | ᠰᠢᠮᠳᠠᠭᠤᠯᠤᠨ ᠪᠠᠶᠢᠴᠠᠭᠠᠪᠠ᠃ ᠲᠡᠷᠡ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ | ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠤᠲᠠᠭᠳᠠᠯ ᠢ ᠪᠠᠶᠢᠴᠠᠭᠠᠨ ᠨᠥᠬᠦᠪᠦᠷᠢᠯᠡᠬᠦ ᠶᠢ | ᠴᠢᠬᠤᠯᠠᠴᠢᠯᠠᠵᠤ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠳᠤᠪᠤᠶᠢᠯᠭᠠᠵᠤ᠂ ᠭᠤᠣᠯᠳᠠᠯᠭ᠎ᠠ ᠲᠠᠢ | ᠰᠢᠪᠲᠤᠯᠤᠯᠲᠠ ᠪᠠᠷ ᠶᠡᠷᠦᠩᠬᠡᠢ ᠳᠡᠭᠡᠭᠰᠢᠯᠡᠯᠲᠡ ᠶᠢ ᠳᠠᠶᠢᠴᠢᠯᠠᠵᠤ᠂ ᠡᠭᠦᠳᠦᠨ ᠪᠠᠶᠢᠭᠤᠯᠬᠤ ᠠᠵᠢᠯ ᠢ ᠪᠦᠬᠦ | ᠬᠤᠷᠳᠤᠴᠠ ᠪᠠᠷ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠡᠢ᠃ | ᠾᠧ ᠬᠠᠢ ᠳ᠋ᠦᠩ ᠤᠷᠢᠳ ᠬᠤᠵᠢᠳ ᠬᠥᠬᠡᠬᠤᠲᠠ ᠶᠢᠨ ᠭᠠᠯᠲᠤ ᠲᠡᠷᠭᠡᠨ ᠤ ᠥᠷᠲᠡᠭᠡ᠂ ᠬᠥᠬᠡᠬᠤᠲᠠ ᠶᠢᠨ | ᠮᠠᠰᠢᠨ ᠲᠡᠷᠭᠡᠨ ᠤ ᠥᠷᠲᠡᠭᠡ᠂ ᠬᠤᠲᠣᠩ ᠠᠷᠠᠳ ᠤᠨ ᠲᠣᠭᠤᠷᠢᠭ ᠤᠨ ᠪᠠᠶᠠᠨᠨᠠᠭᠤᠷ ᠬᠤᠶᠢᠲᠤ ᠵᠠᠮ ᠤᠨ ᠨᠡᠶᠢᠭᠡᠮ | ᠲᠣᠭᠤᠷᠢᠭ ᠤᠨ ᠪᠠᠶᠢᠰᠢᠩ ᠢ ᠥᠭᠡᠷᠡᠴᠢᠯᠡᠨ ᠵᠠᠰᠠᠬᠤ ᠲᠣᠭᠤᠷᠢᠭ᠂ ᠢᠦᠢ ᠴᠢᠤᠸᠠᠨ ᠲᠣᠭᠤᠷᠢᠭ ᠤᠨ ᠺᠠᠢ ᠲᠠᠢ ᠵᠠᠬ᠎ᠠ | ᠳᠡᠯᠭᠡᠭᠦᠷ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠭᠡᠷ ᠪᠦᠯᠢ ᠶᠢᠨ ᠲᠣᠭᠤᠷᠢᠭ ᠤᠨ ᠵᠡᠭᠦᠨ | ᠲᠣᠭᠤᠷᠢᠭ᠂ ᠬᠠᠷᠢᠶᠠᠲᠤ ᠳᠤᠮᠳᠠᠳᠤ ᠰᠤᠷᠭᠠᠭᠤᠯᠢ ᠶᠢᠨ ᠵᠡᠭᠦᠨ ᠭᠤᠳᠤᠮᠵᠢ᠂ ᠲᠤᠸ ᠯᠢ ᠭᠤᠳᠤᠮᠵᠢ ᠵᠡᠷᠭᠡ | ᠭᠠᠵᠠᠷ ᠲᠤ ᠬᠦᠷᠴᠦ᠂ ᠵᠡᠭᠡᠯᠢ ᠭᠤᠳᠤᠮᠵᠢ ᠪᠠᠷ ᠶᠠᠪᠤᠨ ᠬᠤᠷᠢᠶᠠᠯᠠᠯ ᠳᠤ ᠣᠷᠣᠨ ᠵᠠᠬ᠎ᠠ ᠳᠡᠯᠭᠡᠭᠦᠷ ᠢ ᠪᠠᠶᠢᠴᠠᠭᠠᠵᠤ᠂ | ᠲᠤᠬᠠᠢ ᠶᠢᠨ ᠲᠠᠯᠠᠪᠤᠷ ᠲᠤ ᠡᠯ᠎ᠡ ᠨᠢᠭᠡᠴᠡ ᠶᠢ ᠪᠠᠷᠢᠮᠵᠢᠶ᠎ᠠ ᠬᠦᠰᠦᠨᠦᠭᠲᠦ ᠲᠠᠢ ᠬᠠᠷᠭᠤᠭᠤᠯᠵᠤ᠂ ᠠᠰᠠᠭᠤᠳᠠᠯ ᠢ ᠣᠯᠵᠤ | ᠮᠡᠳᠡᠪᠡᠯ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠵᠤ᠂ ᠡᠭᠦᠳᠦᠨ ᠪᠠᠶᠢᠭᠤᠯᠬᠤ | ᠠᠵᠢᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠬᠤ ᠬᠡᠷᠡᠭᠲᠡᠢ | ᠭᠡᠵᠦ ᠱᠠᠭᠠᠷᠳᠠᠪᠠ᠃ | ᠾᠧ ᠬᠠᠢ ᠳ᠋ᠦᠩ ᠰᠢᠮᠳᠠᠭᠤᠯᠤᠨ ᠪᠠᠶᠢᠴᠠᠭᠠᠬᠤ ᠳᠤᠮᠳᠠ ᠳᠤ ᠢᠯᠡᠷᠡᠭᠦᠯᠦᠭᠰᠡᠨ ᠵᠠᠮ ᠤᠨ ᠭᠠᠳᠠᠷᠭᠤ ᠶᠢ | ᠰᠡᠯᠪᠢᠨ ᠵᠠᠰᠠᠬᠤ᠂ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ᠂ ᠵᠠᠮ ᠬᠠᠷᠢᠯᠴᠠᠭᠠᠨ ᠤ ᠲᠡᠮᠳᠡᠭ ᠱᠤᠭᠤᠮ᠂ ᠲᠡᠷᠭᠡ | ᠤᠨᠤᠭ᠎ᠠ ᠵᠣᠭᠰᠣᠭᠠᠬᠤ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠵᠢᠴᠢ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠱᠠᠭᠠᠷᠳᠠᠭᠰᠠᠨ ᠨᠢ᠂ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠭᠦᠳᠦᠨ ᠪᠠᠶᠢᠭᠤᠯᠬᠤ ᠠᠵᠢᠯ ᠤᠨ ᠴᠢᠬᠤᠯᠠ ᠠᠴᠢ | ᠬᠤᠯᠪᠣᠭᠳᠠᠯ ᠢ ᠭᠦᠨᠵᠡᠭᠡᠢ ᠡᠵᠡᠮᠰᠢᠵᠦ᠂ ᠡᠭᠦᠳᠦᠨ ᠪᠠᠶᠢᠭᠤᠯᠬᠤ ᠪᠠᠷᠢᠮᠵᠢᠶ᠎ᠠ ᠲᠠᠢ ᠴᠢᠩᠭ᠎ᠠ ᠬᠠᠷᠢᠴᠠᠭᠤᠯᠵᠤ᠂ ᠵᠡᠭᠡᠯᠢ | ᠭᠤᠳᠤᠮᠵᠢ᠂ ᠬᠠᠭᠤᠴᠢᠨ ᠬᠤᠷᠢᠶᠠᠯᠠᠯ᠂ ᠬᠥᠳᠡᠭᠡ ᠠᠵᠤ ᠠᠬᠤᠢ ᠶᠢᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ | ᠭᠤᠣᠯᠳᠠᠯᠭ᠎ᠠ ᠲᠠᠢ ᠲᠠᠯᠠᠪᠤᠷ᠂ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠳᠤᠲᠠᠭᠤ ᠪᠠᠭᠤᠷᠠᠢ ᠵᠦᠢᠯᠡᠰ ᠢ | ᠪᠦᠬᠦ ᠲᠠᠯ᠎ᠠ ᠪᠠᠷ ᠪᠠᠶᠢᠴᠠᠭᠠᠨ ᠡᠮᠬᠢᠯᠡᠵᠦ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠲᠦᠷᠭᠡᠨ ᠴᠡᠭᠴᠡᠯᠡᠨ | ᠰᠠᠶᠢᠵᠢᠷᠠᠭᠤᠯᠵᠤ᠂ ᠪᠦᠬᠦᠨ ᠢ ᠰᠢᠢᠳᠪᠦᠷᠢᠯᠡᠵᠦ᠂ ᠲᠠᠬᠢᠨ ᠳᠠᠪᠲᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠨᠢᠭᠲᠠ ᠬᠠᠷᠢᠯᠴᠠᠨ ᠬᠠᠮᠵᠢᠯᠴᠠᠵᠤ᠂ ᠡᠭᠦᠳᠦᠨ | ᠪᠠᠶᠢᠭᠤᠯᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠬᠠᠮᠢᠶ᠎ᠠ ᠪᠦᠬᠦᠢ ᠣᠷᠣᠨ ᠪᠠᠶᠢᠷᠢ ᠶᠢ ᠪᠠᠶᠢᠩᠭᠤ | ᠪᠠᠷᠢᠮᠲᠠᠯᠠᠬᠤ ᠬᠡᠷᠡᠭᠲᠡᠢ᠃ ᠡᠳᠦᠷ ᠲᠤᠳᠤᠮ ᠤᠨ ᠲᠣᠭᠤᠷᠢᠨ ᠪᠠᠶᠢᠴᠠᠭᠠᠵᠤ ᠰᠤᠷᠪᠤᠯᠵᠢᠯᠠᠬᠤ ᠡᠷᠴᠢᠮ ᠢᠶᠠᠨ | ᠴᠢᠩᠭᠠᠷᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠵᠦ᠂ | ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ | ᠬᠠᠮᠲᠤᠪᠠᠷ ᠡᠳ᠋ᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠬᠦᠴᠦᠯᠡᠨ ᠪᠤᠢ ᠪᠣᠯᠭᠠᠬᠤ ᠬᠡᠷᠡᠭᠲᠡᠢ ᠭᠡᠵᠡᠢ᠃ | ᠬᠤᠲᠠ ᠶᠢᠨ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠰᠠᠯᠠᠭ᠎ᠠ ᠮᠥᠴᠢᠷ᠂ ᠨᠢᠭᠡᠴᠡ ᠶᠢᠨ ᠭᠤᠣᠯ | ᠬᠠᠷᠢᠭᠤᠴᠠᠯᠭᠠᠲᠠᠨ ᠨᠥᠬᠦᠳ ᠣᠷᠣᠯᠴᠠᠵᠠᠢ᠃ |