ᠬᠥᠬᠡᠬᠤᠲᠠ 2023 ᠣᠨ ᠤ ︽ᠣᠷᠣᠨ ᠤ ᠲᠥᠪ ᠢ ᠬᠦᠴᠦᠷᠬᠡᠭᠵᠢᠭᠦᠯᠵᠦ᠂ ᠢᠷᠡᠭᠡᠳᠦᠢ ᠶᠢ ᠵᠣᠷᠢᠬᠤ︾ ᠮᠥᠩᠭᠦᠨ ᠭᠦᠢᠯᠭᠡᠭᠡᠨ ᠢᠶᠠᠷ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠡᠭᠡ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/17
ᠪᠣᠣ ᠭᠠᠩ ᠬᠤᠷᠠᠯ ᠳᠤ ᠣᠷᠣᠯᠴᠠᠵᠤ ᠾᠧ ᠬᠠᠢ ᠳ᠋ᠦᠩ ᠪᠠᠶᠠᠷ ᠤᠨ ᠦᠭᠡ ᠶᠠᠷᠢᠪᠠ       ︵ᠰᠤᠷᠪᠤᠯᠵᠢᠯᠠᠭᠴᠢ ᠶᠦᠨ ᠵᠢᠩ︶ ᠪᠦᠬᠦ ᠤᠯᠤᠰ ᠢᠶᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠪᠠᠶᠢᠭ᠎ᠠ ᠴᠢᠬᠤᠯᠠ ᠴᠠᠭ ᠮᠥᠴᠡ ᠳᠤ᠂ 3 ᠳ᠋ᠤᠭᠠᠷ ᠰᠠᠷ᠎ᠠ ᠶᠢᠨ 16 ᠤ ᠡᠳᠦᠷ᠂ ᠬᠥᠬᠡᠬᠤᠲᠠ 2023 ᠣᠨ ᠤ ︽ᠣᠷᠣᠨ ᠤ ᠲᠥᠪ ᠢ ᠬᠦᠴᠦᠷᠬᠡᠭᠵᠢᠭᠦᠯᠵᠦ᠂ ᠢᠷᠡᠭᠡᠳᠦᠢ ᠶᠢ ᠵᠣᠷᠢᠬᠤ︾ ᠮᠥᠩᠭᠦᠨ ᠭᠦᠢᠯᠭᠡᠭᠡᠨ ᠢᠶᠠᠷ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠡᠭᠡ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ 4 ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ 27 ᠮᠤᠵᠢ ᠶᠢᠨ ᠲᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ 30 ᠰᠢᠬᠠᠮ ᠠᠵᠤ ᠠᠬᠤᠶᠢᠯᠠᠯ ᠬᠠᠮᠲᠤᠪᠠᠷ ᠵᠠᠰᠠᠭ ᠮᠥᠩᠭᠦᠨ ᠭᠦᠢᠯᠭᠡᠭᠡ ᠠᠵᠤ ᠠᠬᠤᠶᠢᠯᠠᠯ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠪᠡ᠃ ᠡᠭᠦᠨ ᠳᠤ᠂ 24 ᠪᠠᠩᠬᠢ ᠶᠢᠨ ᠪᠠᠶᠢᠭᠤᠯᠤᠮᠵᠢ 918 ᠳ᠋ᠦᠩᠰᠢᠭᠤᠷ ᠲᠥᠭᠦᠷᠢᠭ ᠤᠨ ᠢᠲᠡᠭᠡᠮᠵᠢ ᠣᠯᠭᠤᠬᠤ ᠪᠠᠷ ᠲᠣᠬᠢᠷᠠᠵᠤ᠂ 200 ᠲᠥᠷᠥᠯ ᠵᠦᠢᠯ ᠳᠤ ᠬᠤᠯᠪᠣᠭᠳᠠᠪᠠ︔ 23 ᠪᠠᠩᠬᠢ ᠶᠢᠨ ᠪᠠᠶᠢᠭᠤᠯᠤᠮᠵᠢ 571 ᠳ᠋ᠦᠩᠰᠢᠭᠤᠷ ᠲᠥᠭᠦᠷᠢᠭ ᠤᠨ ᠢᠲᠡᠭᠡᠮᠵᠢ ᠶᠢᠨ ᠭᠡᠷ᠎ᠡ ᠲᠣᠭᠲᠠᠬᠤ ᠪᠠᠷ ᠲᠥᠯᠥᠪᠯᠡᠵᠦ᠂ ᠲᠤᠬᠠᠢ ᠶᠢᠨ ᠲᠠᠯᠠᠪᠤᠷ ᠲᠤ 23 ᠭᠤᠣᠯᠳᠠᠯᠭ᠎ᠠ ᠲᠠᠢ ᠠᠵᠤ ᠠᠬᠤᠶᠢᠯᠠᠯ ᠲᠠᠢ 206 ᠳ᠋ᠦᠩᠰᠢᠭᠤᠷ ᠲᠥᠭᠦᠷᠢᠭ ︵ᠪᠣᠳᠠᠲᠠᠶᠢᠵᠢᠭᠤᠯᠤᠭᠰᠠᠨ ᠪᠡᠯᠡ ᠮᠥᠩᠭᠦ︶ ᠤᠨ ᠢᠲᠡᠭᠡᠮᠵᠢ ᠶᠢᠨ ᠭᠡᠷ᠎ᠡ ᠲᠣᠭᠲᠠᠪᠠ᠃ ᠲᠣᠰ ᠤᠳᠠᠭ᠎ᠠ ᠶᠢᠨ ᠲᠥᠪᠯᠡᠷᠡᠭᠦᠯᠦᠨ ᠭᠡᠷ᠎ᠡ ᠲᠣᠭᠲᠠᠭᠰᠠᠨ ᠨᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ ᠬᠥᠬᠡᠬᠤᠲᠠ ᠳᠠᠬᠢ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ︽ᠬᠦᠴᠦᠷᠬᠡᠭ ᠣᠷᠣᠨ ᠤ ᠲᠥᠪ︾ ᠢ ᠲᠦᠷᠭᠡᠳᠬᠡᠨ ᠪᠡᠶᠡᠯᠡᠭᠦᠯᠬᠦ ᠡᠷᠡᠰ ᠵᠣᠷᠢᠭ ᠪᠣᠯᠣᠨ ᠠᠵᠤ ᠠᠬᠤᠶᠢᠯᠠᠯ ᠳᠤ ᠦᠢᠯᠡᠴᠢᠯᠡᠬᠦ ᠦᠨᠡᠨᠴᠢ ᠰᠡᠳᠬᠢᠯ ᠢ ᠬᠠᠷᠠᠭᠤᠯᠵᠤ᠂ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢᠨ ︽ᠶᠡᠭᠡ ᠤᠷᠤᠰᠬᠠᠯ︾ ᠳᠤ ᠲᠠᠰᠤᠷᠠᠯᠲᠠ ᠦᠭᠡᠢ ᠮᠥᠩᠭᠦᠨ ᠭᠦᠢᠯᠭᠡᠭᠡᠨ ᠤ ︽ᠠᠮᠢᠳᠤ ᠤᠰᠤ︾ ᠶᠢ ᠬᠤᠷᠠᠮᠳᠤᠭᠤᠯᠵᠤ ᠥᠭᠭᠦᠭᠰᠡᠨ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠮᠠ ᠪᠦᠦ ᠭᠦᠸᠧ᠂ ᠠᠷᠠᠳ ᠤᠨ ᠪᠠᠩᠬᠢ ᠶᠢᠨ ᠬᠥᠬᠡᠬᠤᠲᠠ ᠶᠢᠨ ᠭᠤᠣᠯ ᠰᠠᠯᠪᠤᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠬᠢ ᠶᠢᠨ ᠳᠠᠷᠤᠭ᠎ᠠ ᠶᠠᠨ ᠰᠢᠶᠠᠨ ᠳ᠋ᠦᠩ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠢᠦᠢ ᠯᠢᠨ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠶᠢ ᠺᠠᠢ ᠲᠣᠰ ᠲᠣᠰ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠲᠠᠢ ᠲᠢᠩᠬᠢᠮ ᠬᠤᠲᠠ ᠬᠠᠮᠲᠤᠪᠠᠷ ᠪᠠᠶᠢᠭᠤᠯᠬᠤ ᠬᠡᠯᠡᠯᠴᠡᠭᠡᠷ ᠲᠤ ᠭᠠᠷ ᠤᠨ ᠥᠰᠥᠭ ᠵᠢᠷᠤᠵᠤ᠂ ᠲᠡᠷᠡᠴᠢᠯᠡᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠢᠶᠠᠷ  ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠪᠠᠨ ᠴᠢᠩᠭᠠᠳᠬᠠᠬᠤ᠂ ᠬᠥᠬᠡᠬᠤᠲᠠ ᠭᠠᠵᠠᠷ ᠣᠷᠣᠨ ᠤ ᠮᠥᠩᠭᠦᠨ ᠭᠦᠢᠯᠭᠡᠭᠡᠨ ᠤ ᠠᠶᠤᠯᠭᠦᠢ ᠶᠢ ᠬᠠᠮᠠᠭᠠᠯᠠᠬᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠳᠤ ᠦᠢᠯᠡᠴᠢᠯᠡᠬᠦ ᠵᠡᠷᠭᠡ ᠬᠦᠷᠢᠶᠡᠨ ᠳᠤ ᠮᠠᠨ ᠤ ᠬᠤᠳᠠ ᠳᠤ ᠳᠡᠮᠵᠢᠯᠭᠡ ᠦᠵᠡᠭᠦᠯᠵᠦ᠂ ︽ᠬᠠᠲᠠᠭᠤ ᠴᠥᠮ᠎ᠡ︾ ᠠᠷᠭ᠎ᠠ ᠬᠡᠮᠵᠢᠶ᠎ᠡ ᠪᠠᠷ ᠣᠷᠣᠨ ᠤ ᠲᠥᠪ ᠤᠨ ᠪᠣᠳᠠᠲᠤ ᠬᠦᠴᠦᠨ ᠢ ᠴᠢᠩᠭᠠᠳᠬᠠᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠰᠡᠯᠭᠦᠬᠦ ᠬᠦᠴᠦᠨ ᠢ ᠨᠡᠮᠡᠭᠳᠡᠭᠦᠯᠬᠦ ᠳᠤ  ︽ᠬᠥᠰᠢᠭᠦᠷᠭᠡ︾ ᠪᠣᠯᠣᠨ᠎ᠠ ᠭᠡᠵᠦ ᠢᠯᠡᠳᠬᠡᠪᠡ      ᠴᠢᠨᠠᠷ ᠰᠠᠶᠢᠲᠠᠢ ᠲᠥᠷᠥᠯ ᠵᠦᠢᠯ ᠢᠶᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠬᠤᠷᠠᠯ ᠳᠡᠭᠡᠷ᠎ᠡ᠂ ᠬᠤᠲᠠ ᠶᠢᠨ ᠳᠡᠳ᠋ ᠳᠠᠷᠤᠭ᠎ᠠ ᠯᠢ ᠰᠢᠶᠣᠣ ᠶᠠᠨ ᠮᠠᠨ ᠤ ᠬᠤᠲᠠ ᠶᠢᠨ ᠣᠳᠣᠬᠠᠨ ᠤ ᠬᠡᠷᠡᠭᠵᠢᠭᠦᠯᠵᠦ ᠪᠠᠶᠢᠭ᠎ᠠ ᠭᠤᠣᠯᠳᠠᠯᠭ᠎ᠠ ᠲᠠᠢ ᠲᠥᠷᠥᠯ ᠵᠦᠢᠯ ᠤᠨ ᠲᠣᠭᠤᠷᠢᠨ ᠳᠤ ᠲᠤᠰᠬᠠᠢ ᠰᠡᠳᠦᠪᠲᠦ ᠲᠠᠨᠢᠯᠴᠠᠭᠤᠯᠭ᠎ᠠ ᠬᠢᠪᠡ᠃ ᠣᠷᠣᠨ ᠤ ᠲᠥᠪ ᠤᠨ ᠬᠥᠭᠵᠢᠯᠲᠡ ᠶᠢᠨ ᠡᠷᠴᠢᠮᠲᠡᠢ ᠪᠠᠶᠢᠳᠠᠯ ᠨᠢ ᠡᠯ᠎ᠡ ᠲᠣᠮᠣ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠤᠷᠮ᠎ᠠ ᠶᠢ ᠲᠠᠲᠠᠵᠤ ᠮᠠᠨ ᠤ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠬᠠᠯᠠᠭᠤᠨ ᠥᠷᠨᠢᠯᠲᠡ ᠳᠤ ᠬᠤᠶᠢᠨ᠎ᠠ ᠬᠤᠶᠢᠨ᠎ᠠ ᠠᠴᠠ ᠪᠠᠨ ᠣᠷᠣᠯᠴᠠᠭᠤᠯᠤᠭᠰᠠᠨ ᠪᠠᠶᠢᠨ᠎ᠠ᠃ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠩᠬᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠂ ᠦᠢᠯᠡᠳᠪᠦᠷᠢ ᠬᠤᠳᠠᠯᠳᠤᠭᠠᠨ ᠤ ᠪᠠᠩᠬᠢ᠂ ᠲᠠᠷᠢᠶᠠᠯᠠᠩ ᠤᠨ ᠪᠠᠩᠬᠢ᠂ ᠳᠤᠮᠳᠠᠳᠤ ᠤᠯᠤᠰ ᠤᠨ ᠪᠠᠩᠬᠢ᠂ ᠪᠦᠲᠦᠭᠡᠨ ᠪᠠᠶᠢᠭᠤᠯᠤᠯᠲᠠ ᠶᠢᠨ ᠪᠠᠩᠬᠢ ᠵᠡᠷᠭᠡ 27 ᠮᠥᠩᠭᠦᠨ ᠭᠦᠢᠯᠭᠡᠭᠡᠨ ᠤ ᠪᠠᠶᠢᠭᠤᠯᠤᠮᠵᠢ ᠬᠤᠲᠠ ᠶᠢᠨ ᠵᠠᠰᠠᠭ ᠤᠨ ᠣᠷᠳᠣᠨ  ᠲᠠᠢ ᠲᠤᠬᠠᠢ ᠶᠢᠨ ᠲᠠᠯᠠᠪᠤᠷ ᠲᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ︽ᠵᠢᠷᠭᠤᠭᠠᠨ ᠲᠣᠮᠣ ᠠᠵᠤ ᠦᠢᠯᠡᠰ ᠤᠨ ᠪᠥᠭᠡᠮᠨᠡᠷᠡᠯ︾ ᠢ ᠪᠣᠶᠢᠵᠢᠭᠤᠯᠬᠤ᠂ ᠬᠤᠲᠠ ᠶᠢᠨ ᠰᠢᠨᠡᠴᠢᠯᠡᠯᠲᠡ᠂ ᠲᠦᠷᠭᠡᠨ ᠤ ᠭᠠᠯᠲᠤ ᠲᠡᠷᠭᠡ ᠰᠢᠨ᠎ᠡ ᠨᠢᠰᠬᠡᠯ ᠤᠨ ᠪᠠᠭᠤᠳᠠᠯ᠂ ᠪᠠᠷᠠᠭᠠᠨ ᠤ ᠭᠦᠢᠯᠭᠡᠭᠡᠨ ᠤ ᠬᠦᠢᠰᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠵᠠᠰᠠᠯᠲᠠ᠂ ᠡᠬᠢ ᠪᠠᠶᠠᠯᠢᠭ ᠪᠠ ᠡᠨᠧᠷᠭᠢ ᠶᠢᠨ ᠠᠷᠪᠢᠯᠠᠯᠲᠠ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠳᠠᠬᠢ ᠴᠢᠬᠤᠯᠠ ᠶᠡᠭᠡ ᠲᠥᠷᠥᠯ ᠵᠦᠢᠯ ᠳᠤ ᠲᠤᠰᠬᠠᠢ ᠮᠡᠷᠭᠡᠵᠢᠯ ᠤᠨ᠂ ᠨᠠᠷᠢᠯᠢᠭ ᠣᠨᠣᠴᠠᠲᠠᠢ᠂ ᠰᠠᠭᠠᠳ ᠦᠭᠡᠢ᠂ ᠥᠨᠳᠥᠷ ᠪᠦᠲᠦᠮᠵᠢᠲᠡᠶ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠵᠤ᠂ ᠮᠥᠩᠭᠦᠨ ᠭᠦᠢᠯᠭᠡᠭᠡᠨ ᠤ ᠬᠦᠴᠦᠨ ᠵᠦᠢᠯ ᠨᠢ ᠲᠥᠷᠥᠯ ᠵᠦᠢᠯ ᠢ ᠳᠠᠭᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠨᠢ ᠲᠥᠷᠥᠯ ᠵᠦᠢᠯ ᠢ ᠲᠣᠭᠤᠷᠢᠨ ᠡᠷᠭᠢᠯᠳᠦᠬᠦ ᠪᠣᠯᠣᠨ᠎ᠠ᠃      ᠵᠠᠰᠠᠭ ᠤᠨ ᠣᠷᠳᠣᠨ ᠲᠠᠪᠴᠠᠩ ᠪᠠᠶᠢᠭᠤᠯᠵᠤ᠂ ᠪᠠᠩᠬᠢ ᠪᠠ ᠠᠵᠤ ᠠᠬᠤᠶᠢᠯᠠᠯ ᠢ ᠵᠣᠯᠭᠠᠭᠤᠯᠪᠠ᠃ ᠶᠡᠭᠡ ᠬᠤᠷᠠᠯ ᠤᠨ ᠠᠬᠤᠢ ᠲᠠᠯᠠᠪᠠᠢ ᠳᠤ᠂ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠪᠣᠯᠣᠨ ᠢᠯᠢ ᠪᠦᠯᠦᠭᠯᠡᠯ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠩᠬᠢ ᠪᠣᠯᠣᠨ ᠱᠧᠩ ᠮᠦ ᠳᠡᠭᠡᠳᠦ ᠰᠢᠨᠵᠢᠯᠡᠭᠡ ᠮᠡᠷᠭᠡᠵᠢᠯ᠂ ᠳᠤᠮᠳᠠᠳᠤ ᠤᠯᠤᠰ ᠤᠨ ᠪᠠᠩᠬᠢ ᠪᠣᠯᠣᠨ ᠵᠢᠦ ᠲᠠᠢ ᠰᠢᠨ᠎ᠡ ᠮᠠᠲ᠋ᠧᠷᠢᠶᠠᠯ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ ᠭᠤᠣᠯᠳᠠᠯᠭ᠎ᠠ ᠲᠠᠢ ᠠᠵᠤ ᠠᠬᠤᠶᠢᠯᠠᠯ ᠲᠤᠬᠠᠢ ᠶᠢᠨ ᠲᠠᠯᠠᠪᠠᠢ ᠳᠤ ᠢᠲᠡᠭᠡᠮᠵᠢ ᠣᠯᠭᠤᠬᠤ ᠭᠡᠷ᠎ᠡ ᠲᠣᠭᠲᠠᠵᠤ᠂ ᠠᠵᠤ ᠦᠢᠯᠡᠰ ᠤᠨ ᠬᠥᠭᠵᠢᠯᠲᠡ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠦᠴᠦᠷᠬᠡᠭ ᠶᠡᠭᠡ ᠬᠥᠳᠡᠯᠭᠡᠭᠦ ᠬᠦᠴᠦᠨ ᠨᠡᠮᠡᠷᠢᠯᠡᠵᠡᠢ᠃      ᠾᠧ ᠬᠠᠢ ᠳ᠋ᠦᠩ ᠪᠠᠶᠠᠷ ᠤᠨ ᠦᠭᠡᠨ ᠳᠡᠭᠡᠨ᠂ ᠤᠯᠠᠨ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠳᠣᠣᠷ᠎ᠠ ᠭᠡᠷ᠎ᠡ ᠲᠣᠭᠲᠠᠭᠰᠠᠨ ᠬᠠᠮᠲᠤᠷᠠᠯᠴᠠᠬᠤ ᠵᠦᠢᠯᠡᠰ ᠢ ᠠᠯᠢ ᠬᠤᠷᠳᠤᠨ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠵᠤ᠂ ᠣᠷᠣᠨ ᠤ ᠲᠥᠪ ᠲᠤ ᠨᠡᠩ ᠤᠯᠠᠨ ᠬᠦᠷ ᠬᠥᠭᠵᠢᠶᠡᠨ ᠲᠠᠢ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠡᠯᠪᠡᠭ ᠪᠠᠶᠠᠯᠢᠭ ᠬᠥᠭᠵᠢᠯᠲᠡ ᠶᠢᠨ ᠦᠷ᠎ᠡ ᠪᠦᠲᠦᠭᠡᠯ ᠭᠠᠷᠭᠠᠬᠤ ᠶᠢ ᠬᠦᠰᠡᠵᠦ ᠪᠠᠶᠢᠨ᠎ᠠ᠃ ᠬᠥᠬᠡᠬᠤᠲᠠ ᠴᠦ ᠮᠥᠩᠭᠦᠨ ᠭᠦᠢᠯᠭᠡᠭᠡᠨ ᠤ ᠶᠡᠷᠦᠩᠬᠡᠢ ᠬᠡᠯᠲᠡᠰ ᠤᠨ ᠲᠥᠪᠯᠡᠷᠡᠯ ᠤᠨ ᠲᠥᠪ ᠢ ᠪᠠᠶᠢᠭᠤᠯᠬᠤ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠪᠠᠷ ᠳᠠᠮᠵᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ ᠠᠵᠤ ᠠᠬᠤᠶᠢᠯᠠᠯ ᠳᠤ ᠬᠠᠮᠤᠭ ᠤᠨ ᠰᠢᠯᠢᠳᠡᠭ ᠦᠢᠯᠡᠴᠢᠯᠡᠭᠡ᠂ ᠬᠠᠮᠤᠭ ᠤᠨ ᠴᠢᠩᠭ᠎ᠠ ᠪᠠᠲᠤᠯᠠᠭ᠎ᠠ᠂ ᠬᠠᠮᠤᠭ ᠤᠨ ᠰᠠᠶᠢᠨ ᠣᠷᠴᠢᠨ ᠲᠣᠭᠤᠷᠢᠨ ᠢ ᠬᠠᠩᠭᠠᠨ᠎ᠠ ᠭᠡᠵᠡᠢ᠃      ᠬᠤᠲᠠ ᠶᠢᠨ ᠳᠡᠳ᠋ ᠳᠠᠷᠤᠭ᠎ᠠ ᠰᠢᠦᠢ ᠱᠧᠦ ᠵᠢᠢ ᠶᠡᠭᠡ ᠬᠤᠷᠠᠯ ᠢ ᠡᠷᠭᠢᠯᠡᠵᠦ᠂ ᠮᠠᠨ ᠤ ᠬᠤᠲᠠ ᠶᠢᠨ ᠬᠤᠰᠢᠭᠤ ᠰᠢᠶᠠᠨ ᠲᠣᠭᠤᠷᠢᠭ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号