︽ᠲᠥᠰᠥᠯ︾ ᠳᠤ ︽ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠢᠯᠤᠭᠤᠳᠬᠤ ᠰᠠᠨᠠᠯ︾ ᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠥᠪᠡᠷᠲᠡᠭᠡᠨ ᠵᠠᠰᠠᠬᠤ ᠣᠷᠣᠨ ᠤ | ᠭᠠᠵᠠᠷ ᠰᠢᠷᠣᠢ ᠶᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠠᠵᠢᠯ ᠤᠨ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠬᠤ ᠴᠢᠬᠤᠯᠠ ᠭᠠᠷᠳᠠᠴᠠ ᠮᠥᠨ᠂ ᠪᠥᠬᠦ ᠬᠤᠲᠠ ᠶᠢᠨ ᠭᠠᠵᠠᠷ ᠰᠢᠷᠣᠢ ᠶᠢᠨ ᠡᠬᠢ ᠪᠠᠶᠠᠯᠢᠭ ᠤᠨ | ᠳᠠᠯᠳᠠ ᠬᠦᠴᠦᠨ ᠢ ᠭᠦᠢᠴᠡᠳ ᠠᠭᠤᠳᠠᠯᠵᠤ᠂ ᠭᠠᠵᠠᠷ ᠰᠢᠷᠣᠢ ᠶᠢᠨ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ | ᠠᠰᠢᠭᠯᠠᠬᠤ ᠶᠢ ᠪᠥᠬᠦ ᠲᠠᠯ᠎ᠠ ᠪᠠᠷ ᠠᠬᠢᠭᠤᠯᠵᠤ᠂ ᠭᠠᠵᠠᠷ ᠰᠢᠷᠣᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ | ᠦᠨ᠎ᠡ ᠥᠷᠲᠡᠭ ᠢ ᠪᠦᠲᠦᠮᠵᠢᠲᠡᠶ ᠳᠡᠭᠡᠭᠰᠢᠯᠡᠭᠦᠯᠵᠦ ᠴᠢᠳᠠᠨ᠎ᠠ᠃ ᠲᠥᠰᠥᠯ ᠢ ᠭᠤᠣᠯᠳᠠᠭᠤ ᠭᠤᠷᠪᠠᠨ ᠬᠡᠰᠡᠭ ᠲᠤ | ᠬᠤᠪᠢᠶᠠᠨ᠎ᠠ᠃ | ᠨᠢᠭᠡ᠂ ᠡᠭᠦᠷᠭᠡ ᠬᠠᠷᠠᠯᠲᠠ ᠶᠢ ᠲᠣᠳᠣᠷᠬᠠᠶᠢᠯᠠᠪᠠ᠃ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ | ᠲᠤᠪᠤᠶᠢᠯᠭᠠᠬᠤ᠂ ᠦᠯᠡᠳᠡᠭᠡᠯ ᠬᠡᠷᠡᠭᠯᠡᠬᠦ ᠭᠠᠵᠠᠷ ᠢ ᠠᠮᠢᠳᠤᠯᠢᠭ ᠪᠣᠯᠭᠠᠬᠤ᠂ ᠭᠠᠵᠠᠷ ᠰᠢᠷᠣᠢ ᠶᠢ ᠰᠢᠯᠵᠢᠭᠦᠯᠦᠨ | ᠬᠤᠳᠠᠯᠳᠤᠬᠤ ᠠᠷᠭ᠎ᠠ ᠮᠠᠶ᠋ᠢᠭ ᠢ ᠬᠤᠪᠢᠷᠠᠭᠤᠯᠬᠤ᠂ ᠳᠣᠣᠷ᠎ᠠ ᠠᠰᠢᠭᠯᠠᠮᠵᠢᠲᠤ ᠭᠠᠵᠠᠷ ᠤᠨ ᠦᠷᠳᠡᠭ ᠢ ᠳᠡᠭᠡᠭᠰᠢᠯᠡᠭᠦᠯᠬᠦ | ᠂ ᠭᠠᠵᠠᠷ ᠤᠨ ᠦᠨ᠎ᠡ ᠶᠢᠨ ᠲᠣᠬᠢᠷᠠᠭᠤᠯᠤᠨ ᠡᠵᠡᠮᠳᠡᠬᠦ ᠦᠢᠯᠡᠳᠦᠯ ᠢ ᠴᠢᠩᠭᠠᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ | ᠦᠯᠡᠳᠡᠭᠡᠯ ᠭᠠᠵᠠᠷ ᠰᠢᠷᠣᠢ ᠶᠢᠨ ᠡᠬᠢ ᠪᠠᠶᠠᠯᠢᠭ ᠢ ᠪᠦᠲᠦᠮᠵᠢᠲᠡᠶ ᠪᠠᠷ ᠠᠮᠢᠳᠤᠯᠢᠭ ᠪᠣᠯᠭᠠᠵᠤ᠂ ᠭᠠᠵᠠᠷ ᠰᠢᠷᠣᠢ ᠶᠢ | ᠠᠷᠪᠢᠲᠠᠢ ᠡᠷᠴᠢᠮᠯᠢᠭ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠪᠦᠬᠦ ᠬᠤᠳᠠ ᠶᠢᠨ ᠭᠠᠵᠠᠷ ᠰᠢᠷᠣᠢ ᠶᠢᠨ | ᠡᠬᠢ ᠪᠠᠶᠠᠯᠢᠭ ᠤᠨ ᠦᠷᠳᠡᠭ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠶᠡᠷᠦᠩᠬᠡᠶᠢᠯᠡᠨ ᠠᠰᠢᠭᠯᠠᠬᠤ ᠦᠷ᠎ᠡ | ᠪᠦᠲᠦᠮᠵᠢ ᠶᠢ ᠢᠯᠡᠳᠲᠡ ᠳᠡᠭᠡᠭᠰᠢᠯᠡᠭᠦᠯᠦᠨ᠎ᠡ᠃ | ᠬᠤᠶᠠᠷ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠪᠠ᠃ ᠪᠡᠯᠡᠳᠬᠡᠯ ᠲᠠᠷᠢᠶᠠᠨ ᠭᠠᠵᠠᠷ ᠤᠨ ᠡᠬᠢ | ᠪᠠᠶᠠᠯᠢᠭ ᠢ ᠪᠠᠶᠢᠴᠠᠭᠠᠬᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢ ᠬᠠᠷᠭᠤᠭᠤᠯᠤᠨ ᠪᠠᠶᠢᠴᠠᠭᠠᠬᠤ | ᠵᠡᠷᠭᠡ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠪᠠᠶᠢᠳᠠᠯ ᠢ | ᠲᠣᠳᠣᠷᠬᠠᠢ ᠣᠶᠢᠯᠠᠭᠠᠪᠠ︔ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠪᠠ | ᠨᠠᠷᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠲᠦᠯᠬᠢᠨ ᠠᠬᠢᠭᠤᠯᠬᠤ ᠪᠠᠷ ᠳᠠᠮᠵᠢᠭᠤᠯᠤᠨ᠂ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ︽ᠨᠢᠭᠡ ᠯᠡ ᠵᠢᠷᠤᠭ︾ ᠢ ᠪᠠᠶᠢᠭᠤᠯᠤᠨ | ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠰᠢᠰᠲ᠋ᠧᠮ ᠢ ᠬᠡᠷᠡᠭᠵᠢᠭᠦᠯᠵᠦ᠂ ᠠᠶᠢᠯ ᠲᠣᠰᠬᠤᠨ ᠤ ᠲᠥᠯᠦᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠵᠡᠷᠭᠡ ᠠᠵᠢᠯ ᠢ ᠲᠦᠷᠭᠡᠳᠬᠡᠨ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠬᠡᠷᠡᠭᠯᠡᠯᠲᠡ ᠶᠢ ᠬᠠᠮᠢᠶᠠᠷᠴᠤ ᠡᠵᠡᠮᠳᠡᠬᠦ ᠶᠢ ᠴᠢᠩᠭᠠᠳᠬᠠᠪᠠ︔ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ | ᠶᠠᠪᠤᠳᠠᠯ ᠢ ᠲᠤᠰᠬᠠᠢ ᠵᠦᠢᠯ ᠢᠶᠠᠷ ᠢᠯᠭᠠᠷᠠᠭᠤᠯᠤᠨ ᠴᠡᠭᠴᠡᠯᠡᠬᠦ ︽ᠡᠷᠭᠢᠵᠦ ᠦᠵᠡᠬᠦ︾ ᠠᠵᠢᠯᠯᠠᠭ᠎ᠠ ᠥᠷᠨᠢᠭᠦᠯᠬᠦ᠂ | ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠪᠠ ᠬᠤᠲᠠ ᠬᠥᠳᠡᠭᠡ ᠶᠢᠨ ᠨᠡᠮᠡᠭᠳᠡᠯ ᠬᠠᠰᠤᠭᠳᠠᠯ ᠢ | ᠬᠤᠯᠪᠣᠭᠳᠠᠭᠤᠯᠬᠤ ᠡᠷᠴᠢᠮ ᠢ ᠴᠢᠩᠭᠠᠷᠠᠭᠤᠯᠬᠤ᠂ ᠬᠤᠲᠠ ᠪᠠᠯᠭᠠᠰᠤ ᠶᠢᠨ ᠦᠯᠡᠳᠡᠭᠡᠯ ᠬᠡᠷᠡᠭᠯᠡᠬᠦ ᠭᠠᠵᠠᠷ ᠢ ᠠᠮᠢᠳᠤᠯᠢᠭ | ᠪᠣᠯᠭᠠᠬᠤ᠂ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠬᠠᠮᠲᠤᠪᠠᠷ ᠬᠡᠷᠡᠭᠯᠡᠬᠦ ᠪᠠ ᠪᠠᠷᠢᠮᠵᠢᠶᠠᠲᠤ | ᠭᠠᠵᠠᠷ ᠰᠢᠷᠣᠢ ᠶᠢᠨ ᠥᠭᠡᠷᠡᠴᠢᠯᠡᠯᠲᠡ ᠶᠢ ᠠᠬᠢᠭᠤᠯᠬᠤ᠂ ᠨᠡᠭᠡᠭᠡᠯᠲᠡ ᠶᠢᠨ ᠲᠣᠭᠤᠷᠢᠭ ᠤᠨ ᠭᠠᠵᠠᠷ ᠰᠢᠷᠣᠢ ᠶᠢ | ᠠᠷᠪᠢᠲᠠᠢ ᠡᠷᠴᠢᠮᠯᠢᠭ ᠬᠡᠷᠡᠭᠯᠡᠬᠦ ᠶᠢ ᠦᠨᠡᠯᠡᠬᠦ᠂ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠠᠷᠭ᠎ᠠ ᠮᠠᠶ᠋ᠢᠭ ᠢ | ᠬᠤᠪᠢᠷᠠᠭᠤᠯᠬᠤ᠂ ᠳᠣᠣᠷ᠎ᠠ ᠠᠰᠢᠭᠯᠠᠮᠵᠢᠲᠤ ᠭᠠᠵᠠᠷ ᠤᠨ ᠥᠷᠲᠡᠭ ᠢ ᠳᠡᠭᠡᠭᠰᠢᠯᠡᠭᠦᠯᠬᠦ᠂ ᠭᠠᠵᠠᠷ ᠰᠢᠷᠣᠢ ᠶᠢᠨ ᠦᠨ᠎ᠡ | ᠬᠠᠩᠰᠢ ᠶᠢᠨ ᠲᠣᠬᠢᠷᠠᠭᠤᠯᠤᠯ ᠡᠵᠡᠮᠳᠡᠯ ᠪᠠ ᠭᠠᠵᠠᠷ ᠰᠢᠷᠣᠢ ᠶᠢᠨ ᠨᠥᠭᠡᠴᠡᠯᠡᠯ ᠤᠨ ᠪᠠᠶᠢᠭᠤᠯᠤᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠬᠤ ᠵᠡᠷᠭᠡ ᠠᠵᠢᠯ ᠢᠶᠠᠷ ᠳᠠᠮᠵᠢᠭᠤᠯᠤᠨ᠂ ᠭᠠᠵᠠᠷ ᠰᠢᠷᠣᠢ ᠶᠢᠨ ᠡᠬᠢ ᠪᠠᠶᠠᠯᠢᠭ ᠤᠨ | ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠪᠠᠲᠤᠯᠠᠭ᠎ᠠ ᠳᠤ ᠦᠢᠯᠡᠴᠢᠯᠡᠬᠦ ᠴᠢᠳᠠᠪᠤᠷᠢ ᠶᠢ ᠤᠯᠠᠮ | ᠨᠢᠭᠡ ᠠᠯᠬᠤᠮ ᠴᠢᠩᠭᠠᠷᠠᠭᠤᠯᠪᠠ᠃ | ᠭᠤᠷᠪᠠ᠂ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠪᠡ᠃ ᠬᠤᠲᠠ ᠶᠢᠨ ᠭᠠᠵᠠᠷ ᠰᠢᠷᠣᠢ ᠶᠢ | ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠠᠯᠪᠠᠨ ᠭᠡᠷ ᠢ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠲᠣᠬᠢᠷᠠᠭᠤᠯᠵᠤ᠂ ᠡᠯ᠎ᠡ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠮᠢᠶ᠎ᠠ ᠪᠦᠬᠦᠢ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ | ᠲᠣᠭᠲᠠᠭᠠᠨ ᠨᠡᠶᠢᠲᠡᠯᠡᠨ᠎ᠡ᠃ | ᠲᠠᠶᠢᠯᠤᠮᠵᠢ ᠬᠢᠭᠰᠡᠨ᠄ ᠵᠣᠣ ᠸᠧᠢ ᠵᠢᠶᠦ᠋ᠨ ᠲᠠᠶᠢᠯᠤᠮᠵᠢ ᠬᠢᠬᠦ ᠤᠲᠠᠰᠤ᠄ 0471-4614906 |